| ᠰᠤᠷᠪᠤᠯᠵᠢᠯᠠᠬᠴᠢ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠤᠪᠴᠢᠶ᠎ᠠ ᠠᠴᠠ ᠤᠶᠢᠯᠠᠭᠠᠬᠰᠠᠨ ᠢᠶᠠᠷ᠂ ᠡᠨᠡ ᠵᠢᠯ ᠮᠠᠨ ᠤ ᠤᠷᠤᠨ ︽ᠰᠦᠯᠵᠢᠶ᠎ᠡ + ᠪᠤᠳᠠᠳᠤ ᠳᠡᠯᠭᠡᠭᠦᠷ︾ ᠤᠨ | ᠡᠷᠬᠡ ᠠᠰᠢᠭ ᠢ ᠬᠠᠮᠠᠭᠠᠯᠠᠬᠤ ᠲᠤᠤᠷ ᠰᠦᠯᠵᠢᠶ᠎ᠡ ᠶᠢ ᠦᠷᠬᠦᠯᠵᠢᠯᠡᠨ ᠲᠡᠭᠦᠯᠳᠡᠷᠵᠢᠭᠦᠯᠦᠨ᠂ ᠨᠡᠶᠢᠭᠡᠮ ᠲᠤᠭᠤᠷᠢᠭ᠂ | ᠬᠤᠳᠠᠯᠳᠤᠭᠠᠨ ᠤ ᠲᠤᠭᠤᠷᠢᠭ ᠲᠤ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠦᠷᠲᠡᠭᠡ ᠶᠢ ᠪᠠᠶᠢᠭᠤᠯᠬᠤ᠂ | ᠨᠠᠰᠤᠲᠠᠶᠢᠴᠤᠳ ᠤᠨ ᠡᠷᠡᠭᠦᠯᠵᠢᠯ ᠤᠨ ᠢᠳᠡᠭᠡᠨ᠂ ᠨᠠᠰᠤᠨ ᠳᠤ ᠥᠯᠥ ᠬᠦᠷᠦᠭᠰᠡᠳ ᠤᠨ ᠰᠦᠯᠵᠢᠶᠡᠨ ᠤ | ᠲᠤᠬᠯᠠᠭᠠᠮ ᠳᠤ ᠵᠣᠭᠤᠰ ᠨᠡᠮᠡᠬᠦ ᠵᠡᠷᠭᠡ ᠬᠠᠯᠠᠮᠰᠢᠯ ᠠᠰᠠᠭᠤᠳᠠᠯ ᠳᠤ ᠴᠢᠭᠯᠡᠭᠦᠯᠦᠨ ᠰᠡᠷᠡᠮᠵᠢᠯᠡᠭᠦᠯᠦᠯ ᠨᠡᠶᠢᠲᠡᠯᠠᠬᠦ᠂ | ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢ ᠴᠢᠩᠭ᠎ᠠ ᠱᠠᠭᠠᠷᠳᠠᠬᠤ᠂ | ᠬᠡᠷᠡᠭᠯᠡᠭᠴᠢᠳ ᠤᠨ ᠬᠠᠤᠯᠢ ᠴᠠᠭᠠᠵᠠ ᠶᠢᠨ ᠵᠡᠪᠰᠡᠭ ᠢᠶᠠᠷ ᠡᠷᠬᠡ ᠠᠰᠢᠭ ᠢᠶᠠᠨ ᠬᠠᠮᠠᠭᠠᠯᠠᠬᠤ ᠶᠢ ᠠᠬᠢᠭᠤᠯᠬᠤ ᠵᠡᠷᠭᠡ ᠪᠠᠷ | ᠳᠠᠮᠵᠢᠭᠤᠯᠤᠨ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠨᠡᠩ ᠠᠮᠤᠷ ᠲᠦᠪᠰᠢᠨ᠂ ᠳᠥᠭᠦᠮ | ᠳᠥᠲᠡ᠂ ᠦᠨᠡᠨᠴᠢ ᠢᠲᠡᠭᠡᠮᠵᠢᠲᠡᠢ ᠬᠡᠷᠡᠭᠯᠡᠭᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠪᠤᠯᠤᠨ᠎ᠠ᠃ | ᠲᠦᠷᠦᠬᠦᠬᠡᠨ ᠥᠪᠡᠷᠲᠡᠭᠡᠨ ᠵᠠᠰᠠᠬᠤ ᠣᠷᠣᠨ ᠤ 2025 ᠣᠨ ᠤ 43 ᠳ᠋ᠤᠭᠠᠷ ︽3 · 15︾ ᠤ ᠳᠡᠯᠡᠬᠡᠢ | ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠪᠥᠷ | ᠮᠣᠩᠭᠤᠯ ᠤᠨ ᠮᠦᠽᠧᠶ ᠶᠢᠨ ᠪᠦᠦ ᠳ᠋ᠢᠩ ᠠᠭᠤᠳᠠᠮ ᠲᠠᠯᠠᠪᠠᠶ ᠳᠤ ᠶᠠᠪᠤᠭᠳᠠᠵᠤ᠂ ᠲᠤᠬᠠᠶ ᠶᠢᠨ ᠲᠠᠯᠠᠪᠤᠷ ᠤᠨ | ᠠᠵᠢᠯᠲᠠᠨ ᠪᠠ ᠬᠠᠤᠯᠢᠴᠢ ᠶᠢᠨ ᠪᠦᠯᠬᠦᠮ ᠠᠴᠠ ᠤᠯᠠᠨ ᠲᠦᠮᠡᠨ ᠤ ᠡᠷᠬᠡ ᠠᠰᠢᠭ ᠢᠶᠠᠨ ᠬᠠᠮᠠᠭᠠᠯᠠᠬᠤ ᠶᠡᠷᠦ ᠶᠢᠨ | ᠮᠡᠳᠡᠯᠭᠡ ᠵᠢᠴᠢ ᠬᠠᠤᠯᠢ ᠴᠠᠭᠠᠵᠠ ᠶᠢᠨ ᠮᠡᠳᠡᠯᠭᠡ ᠶᠢᠨ ᠲᠤᠬᠠᠢ ᠠᠰᠠᠭᠤᠨ ᠯᠠᠪᠯᠠᠭ᠎ᠠ ᠶᠢ ᠨᠠᠷᠢᠨ ᠬᠢᠨᠠᠮᠠᠭᠠᠢ | ᠲᠠᠶᠢᠯᠪᠤᠷᠢᠯᠠᠪᠠ᠃ ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠤᠷᠤᠨ ᠬᠠᠤᠯᠢ ᠶᠢ ᠴᠢᠩᠭ᠎ᠠ ᠬᠡᠷᠡᠭᠵᠢᠭᠦᠯᠦᠨ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠪᠠ᠃ ᠢᠳᠡᠭᠡᠨ ᠪᠠ ᠡᠮ ᠤᠨ ᠵᠦᠢᠯᠡᠰ᠂ | ᠣᠨᠴᠠ ᠲᠥᠷᠥᠯ ᠤᠨ ᠲᠥᠬᠦᠭᠡᠷᠦᠮᠵᠢ᠂ ᠦᠨ᠎ᠡ ᠬᠠᠩᠰᠢ ᠶᠢᠨ ᠮᠡᠬᠡᠯᠡᠯ ᠵᠡᠷᠭᠡ ᠬᠦᠷᠢᠶᠡᠨ ᠳᠤ ᠪᠥᠬᠦ ᠬᠡᠯᠬᠢᠶᠡᠡ ᠢᠶᠠᠷ | ᠴᠣᠬᠢᠯᠲᠠ ᠥᠭᠴᠦ᠂ ᠢᠲᠡᠭᠡᠮᠵᠢ ᠠᠯᠳᠠᠭᠰᠠᠳ ᠢ ᠴᠢᠩᠭ᠎ᠠ ᠵᠠᠯᠬᠠᠭᠠᠨ ᠰᠶᠢᠳᠭᠡᠪᠡ᠃ ︽ᠢᠨᠲ᠋ᠧᠷ ᠰᠦᠯᠵᠢᠶ᠎ᠡ + | ᠬᠢᠨᠠᠯᠲᠠ ᠬᠠᠮᠢᠶᠠᠷᠤᠯᠲᠠ︾ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠲᠣᠮᠣ ᠳ᠋ᠠᠶᠢᠲ᠋ᠠ ᠶᠢ ᠠᠰᠢᠬᠯᠠᠨ ᠵᠠᠳᠠᠯᠤᠯᠲᠠ | ᠬᠢᠵᠦ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ᠂ ᠬᠡᠷᠡᠭᠯᠡᠭᠡ ᠶᠢᠨ ᠵᠠᠭᠠᠯᠳᠤᠯᠭ᠎ᠠ ᠶᠢ 24 ᠴᠠᠭ ᠢᠶᠠᠷ | ᠰᠦᠯᠵᠢᠶᠡᠨ ᠳᠡᠭᠡᠷ᠎ᠡ ᠬᠦᠯᠢᠶᠡᠨ ᠠᠪᠴᠤ᠂ ︽ᠵᠠᠷᠭᠤ ᠶᠢ ᠭᠥᠯᠢᠶᠡᠨ ᠠᠪᠤᠪᠠᠯ ᠳᠠᠷᠤᠶ ᠳᠤᠨᠢ ᠭᠦᠢᠴᠡᠳᠭᠡᠬᠦ᠂ ᠵᠠᠷᠭᠤ | ᠥᠬᠡᠶ ᠪᠣᠯ ᠤᠷᠢᠳ ᠢᠶᠠᠷ ᠰᠡᠷᠭᠡᠶᠢᠯᠡᠬᠦ︾ ᠶᠢ ᠪᠡᠶᠡᠯᠡᠭᠦᠯᠪᠡ᠃ ︽ᠪᠡᠶ᠎ᠡ ᠶᠢᠨ ᠪᠠᠶᠢᠴᠠᠭᠠᠯᠲᠠ ᠶᠢᠨ ᠭᠡᠯᠪᠠᠷᠢ ᠶᠢᠨ | ᠬᠢᠨᠠᠯᠲᠠ ᠬᠠᠮᠢᠶᠠᠷᠤᠯᠲᠠ ᠦᠢᠯᠡᠴᠢᠯᠡᠭᠡᠨ ᠤ ᠮᠠᠶ᠋ᠢᠭ ᠤᠨ ᠬᠠᠤᠯᠢ ᠬᠡᠷᠡᠭᠵᠢᠭᠦᠯᠦᠯᠲᠡ︾ ᠶᠢ ᠬᠡᠷᠡᠭᠵᠢᠭᠦᠯᠵᠦ᠂ | ᠬᠡᠷᠡᠭᠯᠡᠭᠴᠢᠳ ᠢ ᠨᠡᠩ ᠰᠠᠨᠠᠭ᠎ᠠ ᠠᠮᠤᠷ ᠪᠤᠯᠭᠠᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠨᠠᠩ | ᠰᠢᠯᠢᠳᠡᠭᠵᠢᠭᠦᠯᠪᠡ᠃ ︵︽ᠦᠪᠤᠷ ᠮᠤᠩᠭᠤᠯ ᠤᠨ ᠡᠳᠤᠷ ᠤᠨ ᠰᠤᠨᠢᠨ︾ ᠠᠴᠠ ᠰᠢᠯᠵᠢᠬᠦᠯᠪᠡ︶ |