ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠬᠤᠷᠢᠶ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/6
    3 ᠰᠠᠷ᠎ᠠ ᠶᠢᠨ 4 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 2025 ᠣᠨ ᠤ ᠵᠢᠷᠭᠤᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ 2 ᠰᠠᠷ᠎ᠠ ᠶᠢᠨ 28 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠳᠡᠭᠡᠳᠦ ᠱᠠᠲᠤᠨ ᠠᠴᠠ ᠲᠦᠷᠦᠯ ᠵᠦᠢᠯ ᠤᠨ ᠪᠡᠯᠡ ᠮᠥᠩᠭᠦ ᠶᠢ ᠴᠢᠷᠮᠠᠶᠢᠨ ᠤᠯᠬᠤ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠵᠠᠯᠠᠶᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ᠂ ᠥᠩᠭᠡ ᠦᠵᠡᠮᠵᠢ ᠶᠢᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠵᠢᠷᠭᠤᠭᠠᠨ ᠶᠡᠭᠡ ᠵᠠᠭᠤᠨ ᠳ᠋ᠦᠩᠰᠢᠭᠤᠷ ᠲᠠᠰ ᠤᠨ ᠠᠵᠤ ᠦᠢᠯᠡᠰ ᠢ ᠬᠥᠭᠵᠢᠭᠦᠯᠬᠦ ᠪᠠᠷ ᠭᠠᠷᠳᠠᠴᠠ ᠪᠣᠯᠭᠠᠵᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠤ ᠠᠬᠤᠶᠢᠯᠠᠯ ᠵᠡᠷᠭᠡ ᠲᠠᠢ ᠬᠠᠮᠲᠤᠷᠠᠯᠴᠠᠬᠤ ᠡᠷᠴᠢᠮ ᠢᠶᠠᠨ ᠴᠢᠩᠭᠠᠷᠠᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠬᠡᠯᠬᠢᠶ᠎ᠡ ᠶᠢ  ᠰᠠᠶᠢᠳᠤᠷ ᠪᠣᠶ ᠪᠣᠯᠭᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠶ᠃ ᠤᠯᠠᠨ ᠲᠦᠮᠡᠨ ᠤ ᠠᠩᠬᠠᠷᠴᠤ ᠪᠠᠶᠢᠭ᠎ᠠ ᠬᠦᠷᠢᠶᠡᠨ ᠳᠤ ᠦᠷᠭᠦᠯᠵᠢᠯᠡᠨ ᠬᠦᠴᠦᠯᠡᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠲᠠᠶᠢᠴᠢᠯᠡᠨ ᠳᠠᠭᠠᠭᠤᠯᠬᠤ ᠶᠢ ᠴᠢᠩᠭᠠᠳᠬᠠᠵᠤ᠂ ︽ᠭᠤᠷᠪᠠᠨ ᠲᠥᠪ︾ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠠᠶᠤᠯᠭᠦᠢ ᠦᠢᠯᠡᠳᠪᠦᠷᠢᠯᠡᠯ᠂ ᠵᠥᠷᠢᠴᠡᠯ ᠢ ᠨᠠᠮᠳᠠᠭᠤᠯᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠠᠵᠢᠯ ᠤᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠠᠮᠤᠷ  ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠵᠠᠢ᠃  ᠪᠣᠳᠠᠲᠤ ᠠᠮᠵᠢᠯᠲᠠ ᠶᠢ ᠴᠢᠬᠤᠯᠠᠴᠢᠯᠠᠵᠤ ᠬᠥᠮᠦᠨ ᠬᠡᠷᠡᠭᠯᠡᠬᠦ ᠤᠳᠤᠷᠢᠳᠤᠮᠵᠢ ᠶᠢ ᠪᠠᠷᠢᠮᠲᠠᠯᠠᠵᠤ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠦᠨᠳᠤᠰᠤ ᠪᠠ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂ ᠤᠯᠤᠰ ᠲᠦᠷᠦ ᠶᠢᠨ ᠪᠣᠯᠪᠠᠰᠤᠷᠠᠯ ᠢ ᠺᠠᠳ᠋ᠷ ᠤᠨ ᠦᠰᠦᠨ ᠪᠤᠶᠢᠵᠢᠯᠲᠠ ᠶᠢᠨ ᠪᠦᠬᠦ ᠦᠶᠡᠯᠡᠯ ᠤᠨ ᠬᠤᠭᠤᠴᠠᠭᠠᠨ ᠳᠤ ᠲᠤᠭᠤᠰᠢᠯᠠᠭᠤᠯᠵᠤ᠂ ᠰᠤᠷᠭᠠᠭᠤᠯᠢ ᠶᠢ ᠵᠠᠰᠠᠵᠤ ᠰᠤᠷᠭᠠᠭᠤᠯᠢ ᠡᠷᠬᠢᠯᠡᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠣᠳᠠᠲᠠᠢ ᠲᠠᠢ ᠨᠢᠭᠲᠠ ᠤᠶᠠᠯᠳᠤᠭᠤᠯᠤᠨ᠂ ᠺᠠᠳ᠋ᠷ ᠢ ᠳᠠᠭᠠᠭᠤᠯᠤᠨ ᠠᠰᠠᠭᠤᠳᠠᠯ ᠢ ᠵᠠᠳᠠᠯᠤᠨ ᠰᠢᠢᠳᠪᠦᠷᠢᠯᠡᠵᠦ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠵᠤ᠂ ᠦᠨᠡᠨ ᠠᠴᠠ ᠵᠥᠪ ᠢ ᠡᠷᠢᠵᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠤᠯᠠᠨ ᠲᠦᠮᠡᠨ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠨ ᠠᠵᠤ ᠠᠬᠤᠶᠢᠯᠠᠯ ᠤᠨ ᠲᠤᠰᠬᠠᠭᠰᠠᠨ ᠬᠡᠷᠡᠭᠴᠡᠭᠡ ᠶᠢ ᠰᠠᠶᠢᠳᠤᠷ ᠰᠣᠨᠣᠰᠴᠤ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ︽ᠵᠢᠷᠭᠤᠭᠠᠨ ᠠᠵᠢᠯᠯᠠᠭ᠎ᠠ︾ ᠪᠣᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠵᠡᠷᠭᠡ ᠠᠵᠢᠯ ᠲᠠᠢ ᠤᠶᠠᠯᠳᠤᠭᠤᠯᠵᠤ᠂ ᠬᠦᠴᠢᠷᠳᠡᠯᠲᠡᠢ ᠠᠰᠠᠭᠤᠳᠠᠯ ᠢ ᠤᠨᠢᠨ ᠳᠡᠭᠡᠷ᠎ᠡ ᠨᠢ ᠬᠠᠪᠰᠤᠷᠤᠨ ᠰᠢᠢᠳᠪᠦᠷᠢᠯᠡᠵᠦ᠂ ᠤᠯᠠᠨ ᠲᠦᠮᠡᠨ ᠤ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠦᠷᠭᠦᠯᠵᠢᠯᠡᠨ ᠲᠡᠭᠡᠭᠰᠢᠯᠡᠬᠦᠯᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠳᠤ ᠶᠣᠰᠣᠷᠬᠠᠭ ᠲᠦᠷᠦᠭᠳᠡᠯ᠂ ᠬᠠᠷᠢᠶᠠᠯᠠᠭᠳᠠᠬᠤ ᠲᠦᠷᠦᠭᠳᠡᠯ ᠲᠠᠢ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠵᠠᠢ᠃     ᠬᠤᠷᠠᠯ ᠠᠴᠠ ᠪᠠᠰᠠ ᠪᠤᠰᠤᠳ ᠵᠤᠶᠢᠯᠡᠰ ᠢ ᠰᠤᠳᠤᠯᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号