| ᠥᠩᠭᠡᠷᠡᠭᠰᠡᠨ ᠳᠤ᠂ ᠤᠳᠠᠭᠠᠨ ᠴᠢᠨᠠᠷᠲᠠᠶ ᠡᠪᠡᠳᠴᠢᠲᠡᠨ ᠢ ᠳᠠᠭᠠᠵᠤ ᠰᠤᠷᠪᠤᠯᠵᠢᠯᠠᠬᠤ ᠬᠠᠮᠢᠶᠠᠷᠤᠯᠲᠠ ᠨᠢ | ᠦᠨᠳᠦᠰᠦᠨ ᠱᠠᠲᠤᠨ ᠤ ᠡᠮᠴᠢᠯᠡᠭᠡᠨ ᠤ ᠬᠦᠴᠢᠷ ᠲᠠᠢ ᠲᠠᠯ᠎ᠠ ᠪᠤᠯᠤᠭᠰᠠᠭᠠᠷ ᠢᠷᠡᠵᠠᠢ᠂ ᠡᠮᠴᠢ ᠰᠤᠪᠢᠯᠠᠭᠴᠢᠳ | ᠦᠷᠭᠦᠯᠵᠢ ᠮᠡᠳᠡᠭᠡ ᠵᠠᠩᠭᠢ ᠲᠠᠷᠠᠬᠠᠶ ᠪᠤᠲᠠᠷᠬᠠᠶ᠂ ᠮᠥᠷᠳᠡᠬᠦ ᠳᠤ ᠬᠦᠴᠢᠷᠳᠠᠢ ᠵᠡᠷᠭᠡ ᠰᠢᠯᠭᠠᠯᠳᠠ ᠳᠤ ᠲᠤᠯᠭᠠᠷᠠᠳᠠᠭ | ᠪᠠᠶᠢᠪᠠ᠃ ᠣᠳᠣᠬᠠᠨ ᠳᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠥᠭᠡᠷᠡᠴᠢᠯᠡᠯᠲᠡ ᠶᠢᠨ ︽ᠣᠶᠤᠨᠴᠢ ᠬᠡᠷ ᠤᠨ | ᠡᠮᠴᠢ︾ ᠶᠢᠨ ᠰᠢᠰᠲ᠋ᠧᠮ ᠢ ᠳᠡᠯᠭᠡᠷᠡᠭᠦᠯᠦᠨ ᠬᠡᠷᠡᠭᠯᠡᠬᠦ ᠶᠢ ᠳᠠᠭᠠᠯᠳᠤᠨ᠂ ᠡᠨᠡ ᠬᠦ ᠬᠦᠴᠢᠷ ᠠᠰᠠᠭᠤᠳᠠᠯ ᠢ ᠨᠠᠩ | ᠣᠶᠤᠨᠴᠢ ᠪᠥᠭᠡᠳ ᠳᠥᠭᠦᠮ ᠳᠥᠲᠡ ᠬᠠᠷᠢᠭᠤᠯᠬᠤ ᠠᠷᠭ᠎ᠠ ᠮᠠᠶ᠋ᠢᠭ ᠲᠠᠢ ᠪᠣᠯᠤᠭᠰᠠᠨ ᠪᠠᠶᠢᠨ᠎ᠠ᠃ | ᠵᠠᠯᠠᠶᠢᠳ ᠬᠤᠰᠢᠭᠤᠨ ᠤ ᠪᠠᠶᠠᠨᠭᠤᠣᠯ ᠪᠠᠯᠭᠠᠰᠤᠨ ᠤ ᠶᠦᠩ ᠾᠧ ᠲᠤᠰᠬᠤᠨ ᠤ ᠠᠷᠠᠳ ᠰᠦᠨ ᠯᠢ ᠵᠢᠦᠸᠠᠨ | ᠴᠢᠰᠤᠨ ᠳᠠᠷᠤᠯᠲᠠ ᠥᠨᠳᠥᠷ ᠡᠪᠡᠳᠴᠢᠨ ᠳᠤ ᠨᠡᠷᠪᠡᠭᠳᠡᠭᠡᠳ ᠤᠯᠠᠨ ᠵᠢᠯ ᠪᠤᠯᠵᠤ ᠪᠤᠢ᠃ ᠤᠶᠢᠷ᠎ᠠ ᠳᠤ ᠤᠯᠠᠷᠢᠯ ᠤᠨ | ᠰᠤᠯᠢᠭᠳᠠᠯ ᠤᠨ ᠨᠦᠯᠦᠭᠡ ᠪᠠᠷ ᠲᠡᠭᠦᠨ ᠤ ᠴᠢᠰᠤᠨ ᠳᠠᠷᠤᠯᠲᠠ ᠶᠢᠨ ᠬᠡᠯᠪᠡᠯᠵᠡᠯᠳᠡ ᠨᠡᠯᠢᠶᠡᠳ ᠶᠡᠭᠡ ᠪᠤᠯᠵᠠᠢ᠃ | ᠥᠷᠯᠥᠭᠡ ᠡᠷᠲᠡ᠂ ᠶᠦᠩ ᠾᠧ ᠲᠤᠰᠬᠤᠨ ᠤ ᠡᠮᠴᠢ ᠨᠢᠭᠡᠨ ᠤᠶᠤᠨᠳᠤ ᠴᠢᠰᠤᠨ ᠲᠠᠷᠤᠯᠳᠠ ᠶᠢᠨ ᠮᠠᠰᠢᠨ ᠠᠪᠴᠤ | ᠰᠦᠨ ᠯᠢ ᠵᠢᠤᠸᠠᠨ ᠤ ᠭᠡᠷ ᠲᠤ ᠢᠷᠡᠵᠤ ᠬᠠᠷᠢᠭᠤ ᠰᠤᠷᠪᠤᠯᠵᠢᠯᠠᠪᠠ᠃ | ᠡᠨᠡ ᠬᠦ ᠤᠶᠤᠨᠳᠤ ᠴᠢᠰᠤᠨ ᠳᠠᠷᠤᠯᠲᠠ ᠶᠢᠨ ᠮᠠᠰᠢᠨ ᠨᠢ ᠴᠢᠰᠤᠨ ᠳᠠᠷᠤᠯᠲᠠ ᠶᠢ ᠬᠡᠮᠵᠢᠵᠤ ᠲᠡᠶᠢᠯᠬᠦ ᠪᠠᠷ | ᠪᠠᠷᠠᠬᠤ ᠦᠭᠡᠢ᠂ ᠪᠠᠰᠠ ᠬᠡᠮᠵᠢᠯᠲᠡ ᠶᠢᠨ ᠦᠷ᠎ᠡ ᠳ᠋ᠦᠩ ᠢ ᠤᠶᠤᠨᠳᠤ ᠤᠳᠠᠭᠠᠨ ᠴᠢᠨᠠᠷᠲᠠᠶ ᠡᠪᠡᠳᠴᠢᠨ ᠤ | ᠬᠠᠮᠢᠶᠠᠷᠤᠯᠲᠠ ᠶᠢᠨ ᠲᠠᠪᠴᠠᠩ ᠳᠤ ᠠᠶᠠᠨᠳᠠᠭᠠᠨ ᠳᠠᠮᠵᠢᠭᠤᠯᠵᠤ᠂ ᠰᠢᠰᠲ᠋ᠧᠮ ᠨᠢ ᠡᠷᠡᠭᠦᠯ ᠮᠡᠨᠳᠦ ᠶᠢᠨ ᠲᠠᠩᠰᠠ | ᠡᠪᠬᠡᠮᠡᠯ ᠢ ᠠᠶᠠᠨᠳᠠᠭᠠᠨ ᠪᠣᠶ ᠪᠣᠯᠭᠠᠵᠤ᠂ ︽ᠲᠤᠭ᠎ᠠ ᠪᠠᠷᠢᠮᠲᠠ ᠶᠢ ᠢᠯᠡᠭᠦᠤ ᠭᠦᠶᠦᠯᠭᠡᠵᠦ᠂ ᠡᠪᠡᠳᠴᠢᠲᠡᠨ ᠢ ᠳᠤᠲᠠᠭᠤ | ᠭᠦᠶᠦᠯᠭᠡᠬᠦ︾ ᠶᠢ ᠪᠡᠶᠡᠯᠡᠭᠦᠯᠵᠤ ᠴᠢᠳᠠᠨ᠎ᠠ᠃ | ᠵᠠᠯᠠᠶᠢᠳ ᠬᠤᠰᠢᠭᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢᠨ ᠳᠤᠮᠳᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ︽ᠤᠶᠤᠨᠳᠤ ᠡᠮᠴᠢᠯᠡᠭᠡ︾ ᠶᠢᠨ ᠰᠢᠰᠲ᠋ᠧᠮ ᠢ ᠪᠠᠶᠢᠭᠤᠯᠵᠤ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ | ᠴᠢᠳᠠᠪᠤᠷᠢ ᠵᠡᠷᠭᠡ ᠬᠤᠰᠢᠭᠤᠷᠠᠯ ᠮᠡᠷᠭᠡᠵᠢᠯ ᠢ ᠭᠦᠢᠴᠡᠳ ᠠᠰᠢᠭᠯᠠᠨ᠂ ᠡᠯᠧᠺᠲᠷᠤᠨ ᠡᠷᠡᠭᠦᠯ ᠮᠡᠨᠳᠦ ᠶᠢᠨ ᠲᠠᠩᠰᠠ | ᠡᠪᠬᠡᠮᠡᠯ ᠤᠨ ᠬᠠᠮᠢᠶᠠᠷᠤᠯᠲᠠ᠂ ᠣᠨᠣᠰᠢᠯᠠᠨ ᠡᠮᠨᠡᠬᠦ ᠦᠢᠯᠡᠴᠢᠯᠡᠭᠡ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ | ᠳᠠᠭᠠᠵᠤ ᠰᠤᠷᠪᠤᠯᠵᠢᠯᠠᠬᠤ ᠬᠠᠮᠢᠶᠠᠷᠤᠯᠲᠠ᠂ ᠲᠤᠭ᠎ᠠ ᠪᠠᠷᠢᠮᠲᠠ ᠶᠢᠨ ᠵᠠᠳᠠᠯᠤᠯᠲᠠ ᠵᠡᠷᠭᠡ ᠴᠢᠳᠠᠮᠵᠢ ᠶᠢ ᠨᠢᠭᠡ | ᠴᠣᠭᠴᠠᠵᠢᠭᠤᠯᠤᠭᠰᠠᠨ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠪᠣᠶ | ᠪᠣᠯᠭᠠᠪᠠ᠃ ᠶᠡᠷᠦᠩᠬᠡᠶ ᠡᠮᠨᠡᠯᠭᠡ ᠶᠢᠨ ᠬᠤᠷᠢᠶ᠎ᠠ ᠠᠴᠠ 12 ᠮᠡᠷᠭᠡᠵᠢᠯ ᠤᠨ ᠭᠤᠤᠯᠯᠠᠭᠴᠢ ᠬᠦᠴᠦᠨ ᠢ ᠲᠣᠮᠢᠯᠠᠨ | ᠬᠤᠪᠢᠶᠠᠷᠢ ᠡᠮᠨᠡᠯᠭᠡ ᠶᠢᠨ ᠬᠤᠷᠢᠶ᠎ᠠ ᠳᠤ ᠰᠠᠭᠤᠯᠭᠠᠨ ᠡᠮᠨᠡᠭᠦᠯᠬᠦ ᠵᠢᠯᠣᠭᠤᠳᠣᠯᠭ᠎ᠠ ᠬᠢᠯᠭᠡᠵᠦ᠂ ᠦᠨᠳᠦᠰᠦᠨ ᠱᠠᠲᠤᠨ ᠤ | ᠣᠯᠠᠨ ᠲᠦᠮᠡᠨ ᠤ ᠬᠡᠷ ᠤᠨ ᠡᠭᠦᠳᠡᠨ ᠳᠤ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠰᠢᠯᠢᠳᠡᠭ | ᠦᠢᠯᠡᠴᠢᠯᠡᠭᠡ ᠭᠥᠷᠳᠡᠭᠡᠬᠦ ᠶᠢ ᠪᠡᠶᠡᠯᠡᠭᠦᠯᠪᠠ᠃ |