ᠪᠤᠯᠠᠭᠠᠨᠬᠤᠸᠠ ᠰᠤᠮᠤ ᠦᠨᠡᠨᠴᠢ ᠢᠳᠡᠭᠡᠮᠵᠢ ᠶᠢᠨ ᠵᠠᠭᠪᠤᠷ ᠢᠶᠠᠷ ᠵᠠᠩ ᠲᠠᠳᠬᠠᠯ ᠢᠶᠠᠨ ᠦᠭᠡᠷᠡᠴᠢᠯᠡᠬᠦ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2025/4/1
     ᠣᠶᠢᠷ᠎ᠠ ᠶᠢᠨ ᠵᠢᠯ ᠳᠤ᠂ ᠵᠠᠯᠠᠶᠢᠳ ᠬᠤᠰᠢᠭᠤᠨ ᠤ ᠪᠣᠯᠭᠠᠨᠬᠤᠸᠠ ᠰᠤᠮᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠠᠶᠢᠭᠤᠯᠬᠤ ᠪᠠᠷ ᠭᠠᠷᠳᠠᠴᠠ ᠪᠣᠯᠭᠠᠵᠤ᠂ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠬᠥᠳᠡᠭᠡ ᠲᠣᠰᠬᠤᠨ ᠤ ᠵᠠᠰᠠᠯᠲᠠ ᠳᠤ ᠠᠭᠤᠰᠤᠯᠴᠠᠭᠤᠯᠵᠤ᠂ ︽ᠢᠲᠡᠭᠡᠮᠵᠢ +︾ ᠶᠢᠨ ᠵᠠᠭᠪᠤᠷ ᠢᠶᠠᠷ ᠳᠠᠮᠵᠢᠭᠤᠯᠤᠨ ᠵᠠᠩ ᠳᠠᠳᠬᠠᠯ ᠢᠶᠠᠨ ᠥᠭᠡᠷᠡᠴᠢᠯᠡᠬᠦ ᠶᠢ ᠠᠬᠢᠭᠤᠯᠵᠤ᠂ ᠦᠨᠡᠨᠴᠢ ᠢᠲᠡᠭᠡᠮᠵᠢ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠠᠯᠲᠠᠨ ᠲᠦᠯᠬᠢᠭᠦᠷ︾ ᠪᠣᠯᠭᠠᠪᠠ᠃     ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠤᠯᠬᠤ ᠳᠤ᠂ ᠵᠠᠯᠠᠶᠢᠳ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠪᠤᠯᠭᠠᠨᠬᠤᠸᠠ ᠢᠲᠡᠭᠡᠮᠵᠢ ᠶᠢᠨ ᠬᠤᠷᠰᠢᠶ᠎ᠠ ᠳᠤ ᠵᠢᠭᠡᠯᠡᠯᠭᠡ ᠠᠪᠬᠤ ᠪᠠᠷ ᠢᠷᠡᠭᠰᠡᠨ ᠲᠠᠷᠢᠶᠠᠴᠢᠳ ᠲᠠᠰᠤᠷᠠᠯᠳᠡ ᠦᠭᠡᠢ ᠣᠯᠠᠰᠢᠷᠠᠵᠤ ᠪᠠᠶᠢᠯ᠎ᠠ᠃ ᠪᠤᠯᠠᠭᠠᠨᠬᠤᠸᠠ ᠰᠤᠮᠤ ᠶᠢᠨ ᠶᠦᠩ ᠹᠠ ᠭᠠᠴᠠᠭᠠᠨ ᠤ ᠠᠷᠠᠳ ᠱᠢ ᠶᠠᠨ ᠴᠦᠨ ᠶᠠᠭ ᠢᠲᠡᠭᠡᠮᠵᠢᠲᠦ ᠵᠢᠭᠡᠯᠡᠯᠭᠡ ᠠᠪᠴᠤ ᠪᠠᠶᠢᠯ᠎ᠠ᠃ ᠲᠡᠷᠡ ᠭᠠᠴᠠᠭᠠᠨ ᠤ ︽ᠢᠲᠡᠭᠡᠮᠵᠢᠲᠦ ᠲᠣᠰᠬᠤᠨ︾ ᠤ ᠫᠠᠶᠢᠰᠠ ᠶᠢ ᠠᠰᠢᠭᠯᠠᠨ᠂ ᠪᠠᠷᠢᠴᠠᠭᠠᠯᠠᠬᠤ ᠦᠭᠡᠢ ᠪᠠᠶᠢᠳᠠᠯ ᠳᠣᠣᠷ᠎ᠠ ᠬᠦᠦ ᠮᠥᠩᠭᠦ ᠪᠠᠷ ᠳᠣᠣᠷ᠎ᠠ ᠵᠢᠭᠡᠯᠡᠯᠭᠡ ᠶᠢ 200 ᠭᠠᠷᠤᠢ ᠮᠦ ᠭᠠᠵᠠᠷ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ  ᠳᠡᠭᠡᠨ ᠬᠡᠷᠡᠭᠯᠡᠬᠦ ᠪᠠᠷ ᠪᠤᠢ᠃     ︽ᠬᠦᠦ ᠶᠢᠨ ᠨᠣᠷᠮ᠎ᠠ ᠳᠣᠣᠷ᠎ᠠ᠂ ᠲᠤᠭ᠎ᠠ ᠬᠡᠮᠵᠢᠶ᠎ᠡ ᠶᠡᠭᠡ᠂ ᠭᠠᠷ ᠭᠦᠢᠴᠡᠳᠬᠡᠯ ᠳᠥᠭᠦᠮ ᠳᠥᠲᠡ᠂ ᠦᠢᠯᠡᠴᠢᠯᠡᠭᠡᠨ ᠤ ᠣᠪᠣᠷ ᠮᠠᠰᠢ ᠰᠠᠶᠢᠨ᠂ ᠮᠢᠨᠦ ᠪᠠᠴᠢᠮ ᠪᠠᠶᠢᠳᠠᠯ ᠢ ᠰᠢᠢᠳᠪᠦᠷᠢᠯᠡᠨ ᠦᠭᠴᠠᠢ︾ ᠭᠡᠵᠤ ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠶᠢᠨ ᠶᠦᠩ ᠹᠠ ᠭᠠᠴᠠᠭᠠᠨ ᠤ ᠠᠷᠠᠳ ᠱᠢ ᠶᠠᠨ ᠴᠦᠨ ᠬᠡᠯᠡᠪᠡ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号