| ᠣᠶᠢᠷ᠎ᠠ ᠳᠤ᠂ ᠪᠡᠭᠡᠵᠢᠩ ᠬᠤᠲᠠ ᠶᠢᠨ ᠰᠢᠨ ᠹᠠ ᠳ᠋ᠢ ᠲᠠᠷᠢᠶᠠᠯᠠᠩ ᠤᠨ ᠪᠦᠲᠦᠭᠡᠭᠳᠡᠬᠦᠨ ᠤ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠢᠦᠶ ᠰᠢ ᠨᠡᠷ ᠵᠠᠯᠠᠶᠢᠳ | ᠬᠤᠰᠢᠭᠤᠨ ᠳᠤ ᠢᠷᠡᠵᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ | ᠡᠳ᠋ᠰᠢᠭᠦᠯᠦᠨ ᠪᠣᠷᠣᠯᠠᠭᠤᠯᠬᠤ ᠵᠡᠷᠭᠡ ᠲᠠᠯ᠎ᠠ ᠶᠢᠨ ᠠᠵᠢᠯ ᠢ ᠰᠢᠨᠵᠢᠯᠡᠨ ᠪᠠᠶᠢᠴᠠᠭᠠᠪᠠ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠵᠠᠯᠠᠶᠢᠳ ᠬᠤᠰᠢᠭᠤᠨ ᠤ ᠢᠨᠳᠡᠷ | ᠪᠠᠯᠭᠠᠰᠤ ᠶᠢᠨ ᠴᠠᠩ ᠹᠠ ᠲᠣᠰᠬᠤᠨ ᠤ ᠲᠤᠮᠤ ᠢᠩᠲᠣᠣᠷ ᠤᠨ ᠤᠳᠤ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ᠂ ᠲᠢᠶᠠᠨ ᠮᠦ ᠵᠧᠨ ᠮᠢᠬᠠᠨ ᠤ ᠦᠢᠯᠡᠰ ᠤᠨ ᠬᠢᠵᠠᠭᠠᠷᠲᠤ ᠺᠣᠮᠫᠠᠨᠢ᠂ ᠸᠧᠢ ᠵᠢᠶᠠ ᠠᠮᠤ | ᠪᠤᠳᠠᠭᠠᠨ ᠤ ᠦᠢᠯᠡᠰ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠦᠢᠯᠡᠳᠪᠦᠷᠢᠯᠡᠵᠦ ᠡᠳ᠋ᠰᠢᠭᠦᠯᠦᠨ | ᠪᠣᠷᠣᠯᠠᠭᠤᠯᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠠᠢ᠃ ᠳᠠᠷᠠᠭ᠎ᠠ ᠨᠢ ᠪᠦᠬᠦᠳᠡᠭᠡᠷ ᠶᠠᠷᠢᠯᠴᠠᠬᠤ ᠬᠤᠷᠠᠯ | ᠬᠤᠷᠠᠯᠳᠤᠭᠤᠯᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ | ᠪᠣᠷᠣᠯᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠵᠦ᠂ ᠨᠡᠩ ᠤᠯᠠᠨ ᠴᠢᠨᠠᠷ ᠰᠠᠶᠢᠲᠠᠢ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠡᠭᠡᠵᠢᠩ ᠤᠨ ᠵᠠᠬ᠎ᠠ ᠳᠡᠯᠭᠡᠭᠦᠷ ᠲᠤ ᠣᠷᠣᠭᠤᠯᠬᠤ ᠶᠢ ᠠᠬᠢᠭᠤᠯᠵᠤ᠂ | ᠪᠡᠭᠡᠵᠢᠩ ᠦᠪᠤᠷ ᠮᠤᠩᠭᠤᠯ ᠤᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠨ᠎ᠡ ᠭᠡᠵᠦ ᠢᠯᠡᠳᠬᠡᠵᠡᠭᠡᠪᠡ᠃ | | |