| ᠤᠶᠢᠷ᠎ᠠ ᠳᠤ᠂ ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠶᠢᠨ ᠨᠠᠰᠦᠵᠢᠯ ᠤᠨ ᠠᠰᠠᠷᠠᠮᠵᠢ ᠶᠢᠨ | ᠦᠢᠯᠡᠴᠢᠯᠡᠬᠡᠨ ᠤ ᠲᠦᠪ ᠠᠰᠢᠬᠯᠠᠯᠳᠠ ᠳᠤ ᠤᠷᠤᠵᠦ᠂ ᠨᠠᠰᠦᠳᠠᠶᠢᠴᠤᠳ ᠤᠨ ᠰᠡᠳᠬᠢᠯ ᠢᠶᠠᠨ ᠪᠠᠶᠠᠰᠬᠠᠬᠤ ᠭᠠᠵᠠᠷ | ᠪᠤᠯᠵᠠᠢ᠃ | ᠪᠤᠯᠭᠠᠨᠬᠤᠸᠠ ᠰᠤᠮᠤ ᠶᠢᠨ ᠨᠠᠰᠦᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠲᠦᠪ ᠤᠨ ᠠᠯᠪᠠᠨ ᠵᠢᠷᠦᠮ ᠤᠨ | ᠡᠮᠴᠢᠯᠡᠬᠡᠨ ᠤ ᠦᠷᠦᠬᠡᠨ ᠳᠤ᠂ ᠰᠤᠪᠢᠯᠠᠬᠴᠢ ᠶᠠᠭ ᠰᠠᠶ᠋ᠢᠬᠠᠨ ᠨᠠᠰᠤᠳᠠᠳ ᠤᠨ ᠴᠢᠰᠦᠨ ᠲᠠᠷᠦᠯᠳᠠ ᠶᠢ ᠬᠡᠮᠵᠢᠵᠦ | ᠦᠭᠬᠦ ᠶᠢᠨ ᠲᠠᠭᠠᠤ ᠡᠷᠡᠬᠦᠯ ᠮᠡᠨᠳᠤ ᠶᠢᠨ ᠠᠰᠠᠭᠤᠨ ᠯᠠᠪᠯᠠᠯᠳᠠ ᠪᠠ ᠤᠨᠤᠰᠢᠯᠠᠯᠳᠠ ᠶᠢᠨ ᠰᠠᠨᠠᠭᠤᠯᠭ᠎ᠠ ᠲᠤᠷᠠᠳᠴᠦ | ᠦᠭᠬᠦᠬᠡᠳ ᠶᠠᠭᠠᠷᠠᠵᠦ ᠪᠠᠶᠢᠯ᠎ᠠ᠃ ᠰᠢᠳᠠᠷ᠎ᠠ ᠶᠢᠨ ᠦᠷᠦᠬᠡᠨ ᠳᠤ᠂ ᠨᠠᠰᠦᠳᠠᠶᠢᠴᠤᠳ ᠰᠢᠷᠡᠭᠡ ᠲᠤᠭᠤᠷᠢᠨ | ᠰᠠᠭᠤᠵᠠᠭᠠᠵᠦ᠂ ᠰᠢᠳᠡᠷ᠎ᠠ ᠲᠤᠬᠯᠠᠨ ᠤᠶᠤᠨ ᠤ ᠠᠮᠢᠳᠦᠷᠠᠯ ᠢᠶᠠᠨ ᠪᠠᠶᠠᠯᠢᠬᠵᠢᠭᠤᠯᠵᠦ ᠪᠠᠶᠢᠯ᠎ᠠ᠃ 2024 ᠤᠨ ᠤ | 10 ᠰᠠᠷ᠎ᠠ ᠳᠤ᠂ ᠬᠡᠷ ᠲᠡᠭᠡᠨ ᠬᠤᠴᠤᠷᠤᠬᠰᠠᠨ ᠨᠠᠰᠦᠳᠠᠶᠢᠴᠤᠳ ᠤᠨ ᠬᠡᠷ ᠲᠡᠭᠡᠨ ᠪᠡᠶ᠎ᠡ ᠪᠠᠨ ᠰᠤᠪᠢᠯᠠᠬᠤ | ᠠᠰᠠᠭᠤᠳᠠᠯ ᠢ ᠲᠤᠬᠢᠷᠠᠮᠵᠢᠳᠠᠢ ᠰᠶᠢᠳᠪᠦᠷᠢᠯᠡᠬᠦ ᠶᠢᠨ ᠲᠦᠯᠦᠬᠡ᠂ ᠪᠤᠯᠭᠠᠨᠬᠤᠸᠠ ᠰᠤᠮᠤ ᠨᠠᠰᠦᠵᠢᠯ ᠤᠨ ᠠᠰᠠᠷᠠᠮᠵᠢ ᠶᠢᠨ | ᠦᠢᠯᠡᠴᠢᠯᠡᠬᠡᠨ ᠤ ᠰᠢᠨ᠎ᠠ ᠵᠠᠬᠪᠦᠷ ᠢ ᠡᠷᠢᠯᠬᠢᠯᠡᠵᠦ᠂ ᠨᠢᠬᠡ ᠴᠤᠬᠴᠠᠵᠢᠭᠤᠯᠤᠬᠰᠠᠨ ᠨᠠᠰᠦᠵᠢᠯ ᠤᠨ ᠠᠰᠠᠷᠠᠮᠵᠢ ᠶᠢᠨ | ᠦᠢᠯᠡᠴᠢᠯᠡᠬᠡᠨ ᠤ ᠲᠦᠪ ᠢ ᠪᠠᠶᠢᠭᠤᠯᠤᠬᠰᠠᠨ ᠪᠦᠭᠡᠳ 2025 ᠤᠨ ᠤ 3 ᠰᠠᠷ᠎ᠠ ᠳᠤ ᠠᠰᠢᠬᠯᠠᠯᠳᠠ ᠳᠤ | ᠤᠷᠤᠭᠤᠯᠵᠠᠢ᠃ ᠨᠠᠰᠦᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠲᠦᠪ ᠲᠤ ᠡᠮᠴᠢᠯᠡᠬᠡᠨ ᠤ ᠦᠷᠦᠬᠡ᠂ | ᠰᠢᠳᠠᠷ᠎ᠠ ᠶᠢᠨ ᠦᠷᠦᠬᠡ᠂ ᠨᠤᠮ ᠤᠡᠭᠰᠢᠯᠭ᠎ᠠ ᠶᠢᠨ ᠦᠷᠦᠬᠡ᠂ ᠤᠷᠠᠨ ᠰᠠᠶᠢᠬᠠᠨ ᠤ ᠠᠵᠢᠯᠯᠠᠭ᠎ᠠ ᠶᠢᠨ ᠦᠷᠦᠬᠡ | ᠵᠡᠷᠬᠡ ᠶᠢ ᠲᠤᠬᠢᠷᠠᠭᠤᠯᠬᠤ ᠶᠢᠨ ᠬᠠᠮᠳᠤ ᠪᠠᠰᠠ ᠪᠡᠶ᠎ᠡ ᠪᠤᠯᠪᠠᠰᠦᠷᠠᠭᠤᠯᠬᠤ ᠲᠤᠨᠤᠭ ᠲᠦᠬᠦᠭᠡᠷᠦᠮᠵᠢ᠂ ᠡᠬᠦᠳᠡᠨ | ᠪᠦᠮᠪᠦᠭᠡ ᠶᠢᠨ ᠲᠠᠯᠠᠪᠦᠷ ᠪᠠ ᠵᠤᠯ ᠵᠢᠷᠭᠠᠯᠳᠤ ᠬᠤᠭᠤᠯᠠᠨ ᠬᠡᠷ ᠲᠤᠬᠢᠷᠠᠭᠤᠯᠵᠦ᠂ ᠨᠠᠰᠦᠳᠠᠶᠢᠴᠤᠳ ᠤᠨ ᠨᠠᠰᠦᠵᠢᠯ ᠤᠨ | ᠠᠰᠠᠷᠠᠮᠵᠢ ᠶᠢᠨ ᠦᠢᠯᠡᠴᠢᠯᠡᠬᠡᠨ ᠤ ᠱᠠᠭᠠᠷᠳᠠᠯᠭ᠎ᠠ ᠶᠢ ᠪᠦᠳᠦᠮᠵᠢᠳᠡᠢ ᠰᠶᠢᠳᠪᠦᠷᠢᠯᠡᠵᠡᠢ᠃ | ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠶᠢᠨ ᠨᠠᠶᠢᠵᠢᠨᠠ ᠨᠡᠶᠢᠬᠡᠮ ᠲᠤᠭᠤᠷᠢᠭ ᠤᠨ ᠰᠠᠭᠤᠭᠠᠯᠢ ᠠᠷᠠᠳ | ᠰᠢ ᠱᠤᠸᠠᠨ ᠵᠤ᠋᠄ ︽ᠡ᠊ᠨᠳᠡᠬᠢ ᠤᠷᠴᠢᠨ ᠲᠤᠭᠤᠷᠢᠨ ᠭᠤᠶᠢᠳᠠ ᠰᠠᠶᠢᠬᠠᠨ᠂ ᠪᠠᠰᠠ ᠪᠡᠶ᠎ᠡ ᠶᠢᠨ ᠪᠠᠶᠢᠴᠠᠭᠠᠯᠳᠠ ᠬᠢᠵᠦ | ᠦᠭᠬᠦᠨ᠎ᠡ᠃ ᠰᠡᠯᠡᠬᠦᠦ ᠴᠠᠭ ᠲᠠᠭᠠᠨ ᠨᠠᠶᠢᠵᠠ ᠲᠠᠢ ᠪᠠᠨ ᠬᠠᠮᠳᠤ ᠴᠠᠢ ᠤᠤᠭᠤᠵᠦ ᠰᠢᠳᠠᠷ᠎ᠠ ᠲᠤᠬᠯᠠᠨ ᠲᠦᠢᠯ ᠤᠨ | ᠵᠢᠷᠭᠠᠯᠳᠠᠢ ᠶᠤᠮ︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃ | ᠪᠤᠯᠭᠠᠨᠬᠤᠸᠠ ᠰᠤᠮᠤ ᠶᠢᠨ ᠨᠠᠰᠦᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠲᠦᠪ ᠲᠤ ᠠᠯᠪᠠᠨ ᠬᠡᠷ | ᠲᠤᠬᠢᠷᠠᠭᠤᠯᠵᠦ᠂ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶ ᠤ ᠨᠠᠰᠦᠵᠢᠯ ᠤᠨ ᠠᠰᠠᠷᠠᠮᠵᠢ ᠶᠢᠨ | ᠦᠢᠯᠡᠴᠢᠯᠡᠬᠡᠨ ᠤ ᠦᠷᠳᠡᠭᠡ ︽ᠨᠢᠬᠡ ᠠᠯᠪᠠᠨ ᠬᠡᠷ ᠲᠠᠪᠦᠨ ᠪᠦᠯᠬᠦᠮ︾ ᠬᠡᠬᠦ ᠦᠢᠯᠡᠴᠢᠯᠡᠬᠡᠨ ᠤ ᠪᠦᠯᠬᠦᠮ ᠵᠤᠬᠢᠶᠠᠨ | ᠪᠠᠶᠢᠭᠤᠯᠵᠦ᠂ ᠬᠤᠰᠢᠭᠤᠨ ᠤ ᠤᠶᠤᠨᠳᠤ ᠵᠢᠯᠤᠭᠤᠳᠤᠯᠭ᠎ᠠ ᠶᠢᠨ ᠲᠤᠬᠢᠷᠠᠭᠤᠯᠤᠯᠳᠠ ᠶᠢᠨ ᠲᠦᠪ ᠲᠤ ᠲᠦᠰᠢᠭᠯᠡᠨ᠂ | ᠡᠬᠢ ᠪᠠᠶᠠᠯᠢᠭ ᠢ ᠵᠤᠬᠢᠴᠠᠭᠤᠯᠬᠤ᠂ ᠠᠵᠢᠯ ᠲᠦᠷᠦᠯ ᠤᠨ ᠵᠢᠯᠤᠭᠤᠳᠤᠯᠭ᠎ᠠ᠂ ᠦᠢᠯᠡᠴᠢᠯᠡᠬᠡᠨ ᠤ ᠵᠢᠱᠢᠶ᠎ᠡ ᠦᠵᠡᠬᠦᠯᠬᠦ | ᠵᠡᠷᠭᠡ ᠶᠡᠷᠦᠩᠭᠡᠶᠢᠯᠡᠭᠰᠡᠨ ᠴᠢᠳᠠᠪᠬᠢ ᠶᠢᠨ ᠦᠢᠯᠡᠳᠦᠯ ᠢ ᠪᠠᠳᠠᠷᠠᠭᠤᠯᠵᠦ᠂ ᠬᠠᠷᠢᠶᠠᠳᠤ ᠤᠷᠤᠨ ᠤ ᠨᠠᠰᠦᠳᠠᠶᠢᠴᠤᠳ ᠲᠤ | ᠲᠦᠷᠢᠮᠵᠢᠭᠰᠡᠨ ᠬᠠᠮᠢᠶᠠᠷᠦᠯᠳᠠ ᠲᠠᠢ᠂ ᠪᠠᠶᠠᠯᠢᠭ ᠠᠭᠤᠯᠭ᠎ᠠ ᠲᠠᠢ᠂ ᠴᠢᠨᠠᠷ ᠰᠠᠶᠢᠳᠠᠢ ᠨᠠᠰᠦᠵᠢᠯ ᠤᠨ ᠠᠰᠠᠷᠠᠮᠵᠢ ᠶᠢᠨ | ᠦᠢᠯᠡᠴᠢᠯᠡᠭᠡ ᠬᠠᠨᠭ᠍ᠭᠠᠵᠦ ᠪᠤᠢ᠃ | ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠶᠢᠨ ᠲᠡᠳ᠋ ᠰᠤᠮᠤᠨ ᠲᠠᠷᠤᠭ᠎ᠠ ᠮᠢᠩ ᠵᠤ᠋᠄ ︽ᠮᠠᠨ ᠤ ᠰᠤᠮᠤ | ᠨᠠᠰᠦᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠲᠦᠪ ᠪᠠ ᠨᠡᠶᠢᠬᠡᠮ ᠲᠤᠭᠤᠷᠢᠭ ᠤᠨ ︿ᠵᠤᠯ ᠵᠢᠷᠭᠠᠯᠳᠤ ᠬᠤᠭᠤᠯᠠᠨ | ᠬᠡᠷ﹀ ᠲᠤ ᠲᠦᠰᠢᠭᠯᠡᠵᠦ᠂ 15 ᠮᠢᠨᠦ᠋ᠲ ᠤᠨ ᠦᠢᠯᠡᠴᠢᠯᠡᠬᠡᠨ ᠤ ᠲᠤᠭᠤᠷᠢᠭ ᠢ ᠪᠦᠷᠢᠯᠳᠦᠬᠦᠯᠵᠦ᠂ | ᠨᠠᠰᠤᠳᠠᠶᠢᠴᠤᠳ ᠤᠨ ᠬᠡᠷ ᠲᠡᠭᠡᠨ ᠰᠠᠭᠤᠬᠤ ᠪᠠ ᠨᠡᠶᠢᠬᠡᠮ ᠤᠨ ᠨᠠᠰᠦᠵᠢᠯ ᠤᠨ ᠠᠰᠠᠷᠠᠮᠵᠢ ᠶᠢ ᠤᠶᠠᠯᠳᠤᠭᠤᠯᠤᠬᠰᠠᠨ | ᠨᠠᠰᠦᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠰᠢᠰᠲ᠋ᠧᠮ ᠢ ᠪᠠᠶᠢᠭᠤᠯᠵᠦ᠂ ᠨᠠᠰᠦᠳᠠᠶᠢᠴᠤᠳ ᠲᠤ ᠬᠤᠭᠤᠯᠠ | ᠪᠤᠳᠠᠭᠠᠨ ᠤ ᠲᠡᠮᠵᠢᠯᠬᠡ᠂ ᠡᠮᠴᠢᠯᠡᠬᠡᠨ ᠤ ᠲᠡᠮᠵᠢᠯᠬᠡ ᠪᠠ ᠵᠤᠭ᠎ᠠ ᠴᠡᠩᠬᠡᠯ ᠤᠨ ᠲᠡᠮᠵᠢᠯᠬᠡ ᠵᠡᠷᠭᠡ ᠦᠢᠯᠡᠴᠢᠯᠡᠭᠡ | ᠬᠠᠨᠭ᠍ᠭᠠᠵᠦ᠂ ᠬᠠᠷᠢᠶᠠᠳᠤ ᠤᠷᠤᠨ ᠤ ᠨᠠᠰᠦᠳᠠᠶᠢᠴᠤᠳ ᠲᠤ ︿ᠨᠢᠬᠡ ᠦᠷᠳᠡᠭᠡ ᠮᠠᠶ᠋ᠢᠭ﹀ ᠤᠨ ᠨᠠᠰᠦᠵᠢᠯ ᠤᠨ | ᠠᠰᠠᠷᠠᠮᠵᠢ ᠶᠢᠨ ᠡᠬᠢ ᠪᠠᠶᠠᠯᠢᠭ ᠪᠤᠯᠤᠨ ᠦᠢᠯᠡᠴᠢᠯᠡᠭᠡ ᠡᠳ᠋ᠯᠡᠬᠦᠯᠵᠤ ᠪᠤᠢ︾ ᠬᠡᠵᠦ ᠶᠠᠷᠢᠵᠦ ᠪᠠᠶᠢᠯ᠎ᠠ᠃ | ᠯᠢ ᠢᠤᠢ ᠯᠢᠨ ᠵᠠᠩ ᠰᠢᠤᠸᠠᠢ ᠴᠢᠩ ᠮᠡᠳᠡᠬᠡᠯᠡᠪᠡ |