| 4 ᠰᠠᠷ᠎ᠠ ᠶᠢᠨ 8 ᠤ ᠡᠳᠦᠷ ᠠᠴᠠ 4 ᠰᠠᠷ᠎ᠠ ᠶᠢᠨ 9 ᠤ ᠡᠳᠦᠷ ᠪᠣᠯᠲᠠᠯ᠎ᠠ᠂ ᠵᠠᠯᠠᠶᠢᠳ ᠬᠤᠰᠢᠭᠤᠨ ᠤ | ᠲᠡᠮᠡᠭᠡᠴᠢ ᠪᠠᠯᠭᠠᠰᠤᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠨᠠᠮ ᠤᠨ ᠬᠤᠷᠢᠶᠠᠨ ᠤ ᠣᠨᠣᠯ | ᠰᠤᠷᠤᠯᠴᠠᠬᠤ ᠭᠤᠤᠯ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ | ᠡᠷᠬᠢᠯᠡᠵᠠᠢ᠃ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ | ᠲᠤᠬᠠᠶ ᠴᠢᠬᠤᠯᠠ ᠥᠭᠦᠯᠡᠯᠲᠡ ᠪᠠ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠲᠥᠪ ᠤᠨ | ᠨᠠᠢᠮᠠᠨ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠡᠷᠡᠭᠵᠢᠭᠦᠯᠬᠦ ᠨᠠᠷᠢᠨ ᠲᠦᠷᠢᠮ ᠵᠡᠷᠭᠡ ᠠᠭᠤᠯᠭ᠎ᠠ | ᠶᠢ ᠭᠦᠨᠵᠡᠭᠡᠶ ᠰᠤᠷᠤᠯᠴᠠᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᠳ᠋ᠧ ᠬᠤᠶ ᠬᠤᠷᠠᠯ ᠢ ᠡᠷᠭᠢᠯᠡᠵᠦ᠂ | ᠤᠳᠤᠷᠢᠳᠬᠤ ᠪᠠᠭ ᠤᠨ ᠪᠦᠷᠢᠯᠳᠦᠬᠦᠨ ᠣᠷᠣᠯᠴᠠᠵᠠᠶ᠃ | ᠨᠣᠮ ᠤᠩᠰᠢᠬᠤ ᠠᠩᠭᠢ ᠨᠢ ᠲᠥᠪᠯᠡᠷᠡᠭᠦᠯᠦᠨ ᠰᠤᠷᠤᠯᠴᠠᠬᠤ᠂ ᠬᠤᠪᠢ ᠬᠥᠮᠦᠨ ᠥᠪᠡᠰᠦᠪᠡᠨ ᠰᠤᠷᠤᠯᠴᠠᠬᠤ | ᠪᠠ ᠲᠤᠰᠬᠠᠶ ᠰᠡᠳᠦᠪᠲᠦ ᠹᠢᠯᠢᠮ ᠦᠵᠡᠬᠦ ᠶᠢ ᠬᠠᠷᠢᠯᠴᠠᠨ ᠤᠶᠠᠯᠳᠤᠭᠤᠯᠬᠤ ᠣᠯᠠᠨ ᠡᠰᠢᠲᠦ ᠰᠤᠷᠤᠯᠴᠠᠬᠤ ᠵᠠᠭᠪᠤᠷ ᠢ | ᠬᠡᠷᠡᠭᠯᠡᠪᠡ᠃ ᠬᠤᠷᠠᠯ ᠠᠴᠠ᠂ ᠨᠢᠭᠡ ᠳᠤ᠂ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠦᠵᠡᠯ ᠰᠠᠨᠠᠭᠠᠨ ᠤ | ᠲᠠᠯ᠎ᠠ ᠠᠴᠠ ᠤᠭ ᠦᠨᠳᠦᠰᠦ ᠠᠴᠠ ᠨᠢ ᠴᠡᠭᠴᠡᠯᠡᠨ ᠵᠠᠰᠠᠵᠤ᠂ ᠦᠨᠳᠤᠰᠤ ᠰᠠᠭᠤᠷᠢ ᠶᠢ ᠪᠠᠬᠢᠵᠢᠬᠦᠯᠵᠤ᠂ ᠵᠢᠮ᠎ᠠ | ᠶᠤᠰᠤ ᠶᠢ ᠤᠶᠢᠯᠠᠭᠠᠵᠤ᠂ ᠴᠢᠭᠯᠡᠯ ᠢ ᠲᠣᠳᠣᠷᠬᠠᠶᠢᠯᠠᠨ᠂ ᠠᠷᠭ᠎ᠠ ᠶᠢ ᠰᠤᠷᠤᠯᠴᠠᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯᠯᠠᠭᠠᠨ ᠤ ᠤᠬᠠᠮᠰᠠᠷ ᠪᠣᠯᠭᠠᠨ | ᠬᠤᠪᠢᠷᠠᠭᠤᠯᠬᠤ ᠬᠡᠷᠡᠭᠲᠡᠢ᠃ ᠬᠤᠶᠠᠷ ᠲᠤ᠂ ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠥᠬᠡᠶ | ᠪᠠᠬᠢᠵᠢᠭᠦᠯᠦᠨ ᠥᠷᠭᠡᠳᠬᠡᠬᠦ ᠬᠡᠷᠡᠭᠲᠡᠶ᠃ ᠭᠤᠷᠪᠠ ᠳᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠠᠪᠲᠠᠨ | ᠪᠣᠯᠪᠠᠰᠤᠷᠠᠭᠤᠯᠵᠤ᠂ ᠰᠤᠷᠤᠯᠴᠠᠯᠭ᠎ᠠ ᠬᠥᠮᠦᠵᠢᠯ ᠢ ᠭᠤᠤᠯ ᠠᠵᠢᠯ ᠲᠠᠢ ᠪᠠᠨ ᠨᠢᠭᠲᠠ ᠤᠶᠠᠯᠳᠤᠭᠤᠯᠵᠤ᠂ | ᠭᠤᠤᠯᠳᠠᠯᠭ᠎ᠠ ᠲᠠᠢ ᠡᠭᠦᠷᠭᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠢᠯ ᠤᠨ ᠦᠷ᠎ᠡ ᠪᠦᠲᠦᠮᠵᠢ ᠪᠠᠷ | ᠰᠤᠷᠤᠯᠴᠠᠯᠭ᠎ᠠ ᠶᠢᠨ ᠦᠷ᠎ᠡ ᠪᠦᠲᠦᠭᠡᠯ ᠢ ᠰᠢᠯᠭᠠᠬᠤ ᠬᠡᠷᠡᠭᠲᠡᠢ ᠭᠡᠵᠤ ᠴᠢᠬᠤᠯᠠᠴᠢᠯᠠᠵᠠᠢ᠃ |