| 4 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠵᠠᠯᠠᠶᠢᠳ ᠬᠤᠰᠢᠭᠤᠨ ᠤ ᠪᠣᠯᠭᠠᠨᠬᠤᠸᠠ ᠰᠤᠮᠤ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠰᠤᠮᠤᠨ ᠤ ᠨᠠᠮ ᠤᠨ ᠬᠤᠷᠢᠶᠠᠨ ᠤ ᠱᠦᠵᠢ ᠪᠠᠶ ᠯᠢᠶᠠᠨ ᠱᠧᠩ | ᠬᠤᠷᠠᠯ ᠡᠷᠭᠢᠯᠡᠵᠦ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠵᠠᠯᠠᠭᠤ ᠺᠠᠳ᠋ᠷᠴᠤᠳ | ᠣᠷᠣᠯᠴᠠᠵᠠᠶ᠃ | ᠨᠣᠮ ᠤᠩᠰᠢᠬᠤ ᠠᠩᠭᠢ ᠨᠢ ᠳᠠᠭᠠᠭᠤᠯᠤᠨ ᠤᠩᠰᠢᠵᠤ ᠳᠠᠭᠠᠭᠤᠯᠤᠨ ᠰᠤᠷᠤᠯᠴᠠᠬᠤ᠂ ᠲᠥᠪᠯᠡᠷᠡᠭᠦᠯᠦᠨ | ᠥᠪᠡᠰᠦᠪᠡᠨ ᠰᠤᠷᠤᠯᠴᠠᠬᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠰᠣᠨᠢᠷᠬᠠᠬᠤ ᠶᠢ ᠬᠠᠷᠢᠯᠴᠠᠨ ᠤᠶᠠᠯᠳᠤᠭᠤᠯᠬᠤ | ᠠᠷᠭ᠎ᠠ ᠪᠠᠷ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ | ᠲᠤᠬᠠᠶ ᠴᠢᠬᠤᠯᠠ ᠥᠭᠦᠯᠡᠯᠲᠡ ᠪᠠ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ | ᠵᠣᠷᠢᠭ ᠰᠠᠨᠠᠭ᠎ᠠ ᠵᠡᠷᠭᠡ ᠠᠭᠤᠯᠭ᠎ᠠ ᠶᠢ ᠭᠦᠨᠵᠡᠭᠡᠶ ᠰᠤᠷᠤᠯᠴᠠᠪᠠ᠃ | ᠪᠠᠢ ᠯᠢᠶᠠᠨ ᠱᠧᠩ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ | ᠲᠦᠷᠦ ᠶᠢᠨ ᠲᠠᠯ᠎ᠠ ᠪᠠᠷ ᠮᠡᠷᠭᠡᠨ ᠬᠥᠮᠦᠨ ᠪᠣᠯᠬᠤ ᠬᠡᠷᠡᠭᠲᠡᠢ᠃ ᠬᠤᠶᠠᠷ ᠲᠤ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠴᠢᠩᠭᠠᠳᠬᠠᠵᠤ᠂ ᠬᠥᠭᠵᠢᠯᠲᠡ ᠶᠢᠨ ᠵᠠᠮ ᠨᠡᠭᠡᠭᠡᠬᠦ ᠬᠥᠮᠦᠨ ᠪᠣᠯᠬᠤ ᠬᠡᠷᠡᠭᠲᠡᠢ᠃ ᠭᠤᠷᠪᠠ ᠳᠤ᠂ | ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠰᠠᠬᠢᠯᠭ᠎ᠠ ᠪᠠᠲᠤ ᠶᠢᠨ ᠲᠠᠯ᠎ᠠ ᠪᠠᠷ ᠰᠡᠷᠭᠡᠭ | ᠬᠥᠮᠦᠨ ᠪᠣᠯᠬᠤ ᠬᠡᠷᠡᠭᠲᠡᠢ᠃ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠰᠡᠷᠡᠮᠵᠢᠯᠡᠭᠦᠯᠬᠦ ᠬᠥᠮᠦᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠳᠡᠷᠭᠡᠳᠡᠬᠢ ᠬᠡᠷᠡᠭ ᠤᠨ ᠵᠢᠱᠢᠶ᠎ᠡ ᠪᠠᠷ ᠳᠡᠷᠭᠡᠳᠡᠬᠢ ᠬᠥᠮᠦᠰ ᠢᠶᠠᠨ | ᠰᠡᠷᠡᠮᠵᠢᠯᠡᠭᠦᠯᠵᠦ᠂ ᠪᠠᠭ᠎ᠠ ᠴᠤᠬᠤᠶᠢᠯᠲᠠ ᠶᠢᠨ ᠴᠢᠨᠠᠷᠲᠠᠢ ᠬᠡᠯᠪᠡᠷᠢᠯ ᠤᠨ ᠴᠢᠨᠠᠷᠲᠠᠢ ᠠᠰᠠᠭᠤᠳᠠᠯ ᠢ ᠡᠷᠳᠡ ᠠᠴᠠ | ᠠᠳᠬᠤᠵᠤ᠂ ᠰᠤᠷᠲᠠᠯ ᠤᠨ ᠪᠠᠶᠢᠭᠤᠯᠤᠯᠲᠠ ᠶᠢ ᠬᠡᠵᠢᠶᠡᠳᠡ ᠴᠢᠩᠭ᠎ᠠ ᠠᠳᠬᠤᠬᠤ ᠬᠡᠷᠡᠭᠲᠡᠢ ᠭᠡᠵᠤ ᠱᠠᠭᠠᠷᠳᠠᠵᠠᠢ᠃ |