| ᠲᠥᠯ ᠲᠤᠰᠬᠤ ᠠᠵᠢᠯ ᠪᠣᠯ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠵᠠᠩᠭᠢᠯᠠᠭ᠎ᠠ ᠶᠢᠨ ᠭᠤᠭᠴᠤᠭ᠎ᠠ | ᠪᠣᠯᠣᠨ᠎ᠠ᠃ ᠵᠠᠯᠠᠶᠢᠳ ᠬᠤᠰᠢᠭᠤᠨ ᠤ ᠡᠬᠦᠯᠳᠡᠷ ᠤᠨ ᠮᠠᠯ ᠢ ᠦᠷᠡᠵᠢᠭᠦᠯᠬᠦ ᠲᠥᠪ ᠨᠢ ᠬᠠᠪᠤᠷ ᠤᠨ ᠤᠯᠠᠷᠢᠯ ᠤᠨ ᠮᠠᠯ | ᠠᠵᠤ ᠠᠬᠤᠢ ᠶᠢᠨ ᠦᠢᠯᠡᠳᠪᠦᠷᠢᠯᠡᠯ ᠤᠨ ᠰᠢᠵᠢᠷ ᠠᠯᠲᠠᠨ ᠬᠤᠭᠤᠴᠠᠭ᠎ᠠ ᠶᠢ ᠵᠠᠪᠳᠤᠨ᠂ ᠰᠠᠶᠢᠨ ᠡᠭᠦᠯᠳᠡᠷ ᠢ | ᠦᠷᠡᠵᠢᠭᠦᠯᠦᠨ ᠪᠤᠶᠢᠵᠢᠭᠤᠯᠬᠤ ᠪᠠᠷ ᠦᠨᠳᠦᠰᠦ ᠪᠣᠯᠭᠠᠨ᠂ ᠮᠡᠷᠭᠡᠵᠢᠯ ᠤᠨ ᠵᠢᠯᠣᠭᠤᠳᠤᠯᠭ᠎ᠠ ᠪᠠᠷ ᠲᠤᠯᠭᠠᠭᠤᠷᠢᠯᠠᠯ | ᠪᠣᠯᠭᠠᠵᠤ᠂ ᠪᠠᠲᠤᠯᠠᠭ᠎ᠠ ᠶᠢ ᠴᠢᠩᠭᠠᠳᠭᠠᠬᠤ ᠪᠠᠷ ᠲᠦᠰᠢᠭ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡᠪᠡᠷ ᠬᠡᠷᠡᠭᠯᠡᠨ ᠬᠠᠪᠤᠷ ᠤᠨ ᠲᠥᠯ ᠲᠤᠰᠬᠤ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠵᠤ ᠪᠠᠶᠢᠨ᠎ᠠ᠃ | ᠰᠠᠶ᠋ᠢ ᠲᠥᠷᠥᠭᠰᠡᠨ ᠬᠤᠷᠠᠭ᠎ᠠ ᠨᠢ ᠮᠠᠯᠵᠢᠬᠤ ᠣᠷᠣᠨ ᠤ ᠬᠠᠰᠢᠶ᠎ᠠ ᠰᠠᠷᠠᠪᠴᠢ ᠳᠤ ᠠᠮᠢᠵᠢᠷᠠᠯ ᠤᠨ ᠬᠦᠴᠦᠨ | ᠨᠡᠮᠡᠷᠢᠯᠡᠭᠰᠡᠨ ᠢᠶᠠᠷ ᠪᠠᠷᠠᠬᠤ ᠥᠬᠡᠶ᠂ ᠪᠠᠰᠠ ᠮᠠᠯᠴᠢᠳ ᠲᠤ ᠣᠷᠣᠯᠭ᠎ᠠ ᠪᠠᠨ ᠨᠡᠮᠡᠭᠳᠡᠭᠦᠯᠬᠦ ᠬᠦᠰᠡᠯ ᠡᠷᠡᠮᠡᠯᠵᠡᠯ ᠢ | ᠠᠪᠴᠢᠷᠠᠵᠤ ᠥᠭᠭᠦᠭᠰᠡᠨ ᠪᠠᠶᠢᠨ᠎ᠠ᠃ | ᠵᠠᠯᠠᠶᠢᠳ ᠬᠤᠰᠢᠭᠤᠨ ᠤ ᠡᠬᠦᠯᠳᠡᠷ ᠤᠨ ᠮᠠᠯ ᠢ ᠦᠷᠡᠵᠢᠬᠦᠯᠬᠦ ᠲᠥᠪ ᠤᠨ ᠪᠠᠷᠠᠭᠤᠨ ᠬᠤᠯᠤᠰᠤᠳᠠᠢ | ᠭᠠᠴᠠᠭᠠᠨ ᠤ ᠠᠷᠠᠳ ᠡᠦ ᠬᠥᠭᠵᠢᠯᠲᠦ ᠶᠢᠨ ᠬᠤᠨᠢᠨ ᠤ ᠬᠠᠰᠢᠶ᠎ᠠ ᠪᠠᠷ ᠬᠦᠷᠬᠦ ᠳᠤ᠂ ᠬᠤᠷᠠᠭ᠎ᠠ ᠢᠰᠢᠭᠡ ᠤᠳ | ᠮᠠᠶᠢᠯᠠᠯᠳᠤᠨ ᠲᠤᠭᠯᠠᠵᠤ ᠪᠠᠶᠢᠯ᠎ᠠ ᠃ ᠡᠥ ᠬᠦᠭᠵᠢᠯᠲᠦ ᠭᠠᠴᠠᠭᠠᠨ ᠤ ᠪᠠᠨ ᠬᠤᠨᠢ ᠮᠠᠯᠵᠢᠳᠠᠭ ᠲᠣᠮᠣ ᠡᠷᠦᠬᠡ | ᠪᠣᠯᠤᠭᠰᠠᠨ ᠤ ᠬᠤᠪᠢ ᠳᠤ᠂ ᠠᠯᠢ ᠡᠷᠲᠡ 2022 ᠣᠨ ᠳᠤ᠂ ᠨᠤᠳᠤᠭ ᠤᠨ ᠬᠤᠨᠢ ᠪᠠᠨ ᠥᠰᠥᠯᠲᠡ ᠶᠢᠨ | ᠬᠤᠷᠳᠤᠴᠠ ᠨᠢ ᠲᠦᠷᠭᠡᠨ᠂ ᠦᠷᠡᠵᠢᠯ ᠤᠨ ᠴᠢᠳᠠᠪᠤᠷᠢ ᠪᠠᠷ ᠴᠢᠩᠭ᠎ᠠ᠂ ᠮᠢᠬᠠᠨ ᠤ ᠭᠠᠷᠤᠯᠲᠠ ᠰᠠᠶᠢᠨ ᠵᠡᠷᠭᠡ | ᠳᠠᠪᠠᠭᠤᠯᠢᠭ ᠲᠠᠯ᠎ᠠ ᠲᠠᠢ ᠬᠤᠨᠢ ᠪᠣᠯᠭᠠᠨ ᠰᠠᠶᠢᠵᠢᠷᠠᠭᠤᠯᠪᠠ᠃ ᠡᠭᠦᠯᠳᠡᠷ ᠰᠠᠶᠢᠵᠢᠷᠠᠭᠤᠯᠤᠭᠰᠠᠨ ᠤ ᠳᠠᠷᠠᠭᠠᠬᠢ | ᠬᠤᠷᠠᠭ᠎ᠠ ᠢᠰᠢᠭᠡ ᠶᠢᠨ ᠶᠠᠰᠤ ᠴᠢᠨᠠᠷ ᠨᠢ ᠰᠠᠶᠢᠨ᠂ ᠤᠨᠳᠤᠷᠠᠬᠤ ᠨᠣᠷᠮ᠎ᠠ ᠨᠢ ᠥᠨᠳᠥᠷ᠂ ᠲᠡᠵᠢᠭᠡᠨ ᠦᠷᠡᠵᠢᠭᠦᠯᠬᠦ | ᠦᠷ᠎ᠡ ᠠᠰᠢᠭ ᠨᠢ ᠴᠤ ᠰᠠᠶᠢᠨ ᠪᠠᠶᠢᠳᠠᠭ᠃ | ᠵᠠᠯᠠᠶᠢᠳ ᠬᠤᠰᠢᠭᠤᠨ ᠤ ᠡᠬᠦᠯᠳᠡᠷ ᠤᠨ ᠮᠠᠯ ᠢ ᠦᠷᠡᠵᠢᠬᠦᠯᠬᠦ ᠲᠥᠪ ᠨᠢ ᠮᠠᠯ ᠠᠵᠤ ᠠᠬᠤᠢ ᠶᠢᠨ ᠠᠵᠤ | ᠦᠢᠯᠡᠰ ᠤᠨ ᠬᠥᠭᠵᠢᠯᠲᠡ ᠶᠢᠨ ᠳᠠᠪᠠᠭᠤᠯᠢᠭ ᠲᠤ ᠰᠠᠭᠤᠷᠢᠯᠠᠵᠤ᠂ ᠮᠠᠯ ᠤᠨ ᠡᠭᠦᠯᠳᠡᠷ ᠢ ᠰᠠᠶᠢᠵᠢᠷᠠᠭᠤᠯᠬᠤ ᠶᠢ ᠣᠲᠣ | ᠦᠶ᠎ᠡ ᠶᠢᠨ ᠮᠠᠯ ᠠᠵᠤ ᠠᠬᠤᠶ ᠶᠢ ᠬᠥᠭᠵᠢᠭᠦᠯᠬᠦ ᠴᠢᠬᠤᠯᠠ ᠭᠠᠷᠳᠠᠴᠠ ᠪᠣᠯᠭᠠᠵᠤ᠂ ᠮᠠᠯ ᠠᠵᠤ ᠠᠬᠤᠶ ᠶᠢᠨ | ᠲᠤᠯᠤᠭᠠᠶᠢᠯᠠᠭᠴᠢ ᠠᠵᠤ ᠠᠬᠤᠶᠢᠯᠠᠯ᠂ ᠬᠤᠷᠰᠢᠶᠠᠵᠢᠯ ᠵᠢᠴᠢ ᠲᠡᠵᠢᠭᠡᠨ ᠦᠷᠡᠵᠢᠭᠦᠯᠬᠦ ᠲᠤᠰᠬᠠᠶ ᠡᠷᠦᠬᠡ ᠶᠢᠨ | ᠬᠡᠪᠴᠢᠶᠡᠲᠦ ᠡᠵᠡᠩᠨᠡᠯᠲᠡ ᠶᠢ ᠵᠣᠷᠢᠭᠵᠢᠭᠤᠯᠵᠤ᠂ ᠮᠠᠯᠴᠢᠨ ᠲᠠᠷᠢᠶᠠᠴᠢᠨ ᠢ ᠲᠠᠶᠢᠴᠢᠯᠡᠨ ᠵᠢᠯᠣᠭᠤᠳᠴᠤ ᠪᠠᠶᠢᠭᠠᠳ | ᠡᠭᠦᠯᠳᠡᠷ ᠢ ᠰᠠᠶᠢᠵᠢᠷᠠᠭᠤᠯᠬᠤ᠂ ᠬᠠᠰᠢᠶᠠᠯᠠᠨ ᠲᠡᠵᠢᠭᠡᠵᠦ ᠲᠡᠵᠢᠭᠡᠨ ᠦᠷᠡᠵᠢᠭᠦᠯᠬᠦ᠂ ᠮᠠᠯ ᠪᠡᠯᠴᠢᠭᠡᠷ ᠢ ᠲᠡᠩᠴᠡᠭᠦᠷᠢᠲᠡᠶ | ᠪᠠᠶᠢᠯᠭᠠᠬᠤ ᠠᠵᠢᠯ ᠢ ᠰᠠᠶᠢᠲᠤᠷ ᠬᠢᠵᠦ᠂ ᠡᠪᠦᠯ ᠬᠠᠪᠤᠷ ᠤᠨ ᠬᠤᠷᠠᠭ᠎ᠠ ᠢᠰᠢᠭᠡ ᠲᠤᠰᠬᠤ ᠪᠠ ᠬᠡᠪᠴᠢᠶᠡᠵᠢᠭᠦᠯᠦᠨ | ᠲᠡᠵᠢᠭᠡᠨ ᠦᠷᠡᠵᠢᠭᠦᠯᠬᠦ ᠠᠵᠢᠯ ᠢ ᠠᠬᠢᠭᠤᠯᠵᠤ᠂ ᠬᠤᠨᠢᠨ ᠤ ᠠᠵᠤ ᠦᠢᠯᠡᠰ ᠤᠨ ᠬᠡᠪᠴᠢᠶᠡᠵᠢᠭᠰᠡᠨ᠂ ᠴᠢᠨᠠᠷ ᠰᠠᠶᠢᠲᠠᠶ | ᠬᠥᠭᠵᠢᠯᠲᠡ ᠶᠢ ᠪᠡᠶᠡᠯᠡᠭᠦᠯᠵᠤ ᠪᠤᠢ᠃ ᠣᠳᠣᠬᠠᠨ ᠪᠣᠯᠲᠠᠯ᠎ᠠ᠂ ᠵᠠᠯᠠᠶᠢᠳ ᠬᠤᠰᠢᠭᠤᠨ ᠤ ᠡᠬᠦᠯᠳᠡᠷ ᠤᠨ ᠮᠠᠯ ᠢ | ᠦᠷᠡᠵᠢᠬᠦᠯᠬᠦ ᠲᠥᠪ ᠨᠡᠶᠢᠲᠡ 5 ᠲᠦᠮᠡ ᠭᠠᠷᠤᠶ ᠲᠥᠯ ᠲᠤᠰᠴᠤ᠂ ᠡᠳᠡᠭᠡᠷᠡᠯᠲᠡ ᠶᠢᠨ ᠨᠣᠷᠮ᠎ᠠ ᠨᠢ 90% ᠠᠴᠠ | ᠳᠡᠭᠡᠭᠰᠢ ᠳᠤ ᠬᠦᠷᠴᠦ᠂ ᠪᠥᠬᠦ ᠵᠢᠯ ᠤᠨ ᠮᠠᠯ ᠠᠵᠤ ᠠᠬᠤᠶ ᠶᠢᠨ ᠭᠠᠷᠤᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ | ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ |