ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/16
   ᠣᠷᠣᠨ᠂ ᠠᠶᠢᠮᠠᠭ᠂ ᠬᠤᠰᠢᠭᠤᠨ ᠤ 2025 ᠣᠨ ᠤ 4 · 15 ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠡᠯ᠎ᠡ ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠤᠨ ᠣᠯᠠᠨ ᠶᠠᠩᠵᠤ ᠬᠡᠯᠪᠡᠷᠢ ᠶᠢᠨ᠂ ᠪᠠᠶᠠᠯᠢᠭ ᠰᠠᠶᠢᠬᠠᠨ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠨᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠬᠥᠮᠦᠵᠢᠯ ᠢ ᠪᠠᠭᠰᠢ ᠰᠤᠷᠤᠭᠴᠢᠳ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ᠃     ᠨᠢᠭᠡ ᠳᠤ᠂ ᠣᠯᠠᠨ ᠲᠠᠯ᠎ᠠ ᠠᠴᠠ ᠤᠬᠠᠭᠤᠯᠭ᠎ᠠ ᠬᠢᠪᠠ᠃ ᠪᠥᠬᠦ ᠬᠤᠰᠢᠭᠤᠨ ᠤ ᠡᠯ᠎ᠡ ᠰᠤᠷᠭᠠᠭᠤᠯᠢ ᠶᠡᠷᠦᠩᠬᠡᠶ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠠᠵᠢᠯᠯᠠᠭ᠎ᠠ ᠶᠢᠨ ᠭᠤᠤᠯ ᠰᠡᠳᠦᠪ ᠤᠨ ᠲᠣᠭᠤᠷᠢᠨ ᠳᠤ᠂ ᠲᠤᠭ ᠮᠠᠨᠳᠤᠭᠤᠯᠬᠤ ᠶᠣᠰᠣᠯᠠᠯ᠂ ᠰᠤᠷᠭᠠᠭᠤᠯᠢ ᠶᠢᠨ ᠢᠯᠡ ᠭᠠᠵᠠᠷ ᠲᠤ ᠤᠬᠠᠭᠤᠯᠭ᠎ᠠ ᠶᠢᠨ ᠵᠠᠷᠯᠠᠯ ᠨᠠᠭᠠᠬᠤ᠂ LED ᠲᠣᠮᠣ ᠳᠡᠯᠭᠡᠴᠡ ᠪᠠᠷ ᠤᠯᠤᠰ ᠤᠨ ᠠᠮᠤᠷ ᠲᠦᠪᠰᠢᠨ ᠤ ᠨᠡᠶᠢᠲᠡ ᠶᠢᠨ ᠠᠰᠠᠷᠠᠮᠵᠢ ᠶᠢᠨ ᠸᠢᠳᠢᠣ᠋ ᠪᠠ ᠵᠠᠷ ᠮᠡᠳᠡᠭᠡ ᠶᠢ ᠡᠭᠡᠯᠵᠢᠯᠡᠨ ᠨᠡᠪᠲᠡᠷᠡᠭᠦᠯᠵᠦ᠂ ᠭᠠᠷ ᠪᠢᠴᠢᠮᠡᠯ ᠰᠣᠨᠢᠨ᠂ ᠰᠠᠮᠪᠠᠷ᠎ᠠ ᠶᠢᠨ ᠰᠣᠨᠢᠨ᠂ ᠡᠯᠭᠦᠭᠡ ᠪᠢᠴᠢᠭᠡᠰᠦ ᠡᠯᠭᠦᠬᠦ᠂ ᠠᠭᠤᠳᠠᠮ ᠲᠠᠯᠠᠪᠠᠢ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠪᠠᠷ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠣᠶᠢᠯᠠᠭᠠᠭᠳᠠᠬᠤᠨ ᠢ ᠥᠷᠭᠡᠨ ᠢᠶᠠᠷ ᠤᠬᠠᠭᠤᠯᠪᠠ᠃ ᠬᠤᠶᠠᠷ ᠲᠤ᠂ ᠤᠯᠠᠨ ᠲᠠᠯ᠎ᠠ ᠶᠢᠨ ᠰᠤᠷᠤᠯᠴᠠᠯᠭ᠎ᠠ ᠬᠥᠮᠦᠵᠢᠯ ᠢ ᠡᠷᠬᠢᠯᠡᠪᠡ᠃ ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ ︽ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾᠂ ︽ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠰᠤᠷᠤᠯᠴᠠᠵᠤ᠂ ᠭᠤᠤᠯ ᠰᠡᠳᠦᠪᠲᠦ ᠠᠩᠭᠢ ᠶᠢᠨ ᠬᠤᠷᠠᠯ᠂ ᠭᠤᠤᠯ ᠰᠡᠳᠦᠪᠲᠦ ᠬᠥᠮᠦᠵᠢᠯ ᠵᠡᠷᠭᠡ ᠠᠴᠢᠶᠠᠯᠠᠪᠤᠷᠢ ᠳᠤ ᠲᠦᠰᠢᠭᠯᠡᠨ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠰᠦᠯᠵᠢᠶᠡᠨ ᠤ ᠬᠢᠴᠢᠶᠡᠯ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠸᠢᠳᠢᠣ᠋ ᠶᠢ ᠵᠣᠬᠢᠶᠠᠨ ᠪᠠᠶᠢᠭᠤᠯᠤᠨ ᠦᠵᠡᠵᠦ᠂ ᠬᠤᠶᠠᠳᠤᠭᠠᠷ ᠬᠢᠴᠢᠶᠡᠯ ᠤᠨ ᠲᠠᠩᠬᠢᠮ ᠪᠠ ᠨᠡᠶᠢᠭᠡᠮ ᠤᠨ ᠦᠢᠯᠡᠳᠦᠯᠭᠡ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ ᠤᠨ ᠰᠠᠭᠤᠷᠢᠨ ᠭᠠᠵᠠᠷ ᠢ ᠭᠦᠢᠴᠡᠳ ᠠᠰᠢᠭᠯᠠᠨ ᠤᠯᠤᠰ ᠤᠨ ᠠᠮᠤᠷ ᠲᠦᠪᠰᠢᠨ ᠤ ᠬᠠᠤᠯᠢ ᠪᠠᠷ ᠵᠠᠰᠠᠬᠤ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠨᠡᠶᠢᠲᠡ 45 ᠬᠥᠨᠳᠡᠯᠡᠨ ᠪᠢᠴᠢᠭᠡᠰᠦ ᠡᠯᠭᠦᠵᠦ᠂ IED ᠳᠡᠯᠭᠡᠴᠡ ᠪᠠᠷ 45 ᠵᠤᠷᠪᠤᠰ ᠤᠷᠢᠶ᠎ᠠ ᠯᠣᠽᠦ᠋ᠩ ᠢ ᠨᠡᠪᠲᠡᠷᠡᠭᠦᠯᠵᠦ᠂ 300 ᠭᠠᠷᠤᠶ ᠲᠠᠯᠠᠪᠤᠷ ᠭᠤᠤᠯ ᠰᠡᠳᠦᠪᠲᠦ ᠠᠩᠭᠢ ᠶᠢᠨ ᠬᠤᠷᠠᠯ᠂ 15 ᠲᠠᠯᠠᠪᠤᠷ ᠠᠮᠤᠷ ᠲᠦᠪᠰᠢᠨ ᠤ ᠲᠠᠶᠢᠯᠤᠮᠵᠢ ᠬᠢᠵᠦ᠂ 30 ᠭᠠᠷᠤᠶ ᠤᠳᠠᠭ᠎ᠠ ᠤᠯᠤᠰ ᠤᠨ ᠲᠤᠭ ᠲᠤᠤᠷ᠎ᠠ ᠤᠨ ᠶᠠᠷᠢᠶ᠎ᠠ ᠲᠠᠯᠪᠢᠵᠤ᠂ 5 ᠢᠵᠢ ᠤᠬᠠᠭᠤᠯᠭ᠎ᠠ ᠶᠢᠨ ᠵᠠᠷᠯᠠᠯ᠂ 1000 ᠭᠠᠷᠤᠶ ᠤᠬᠠᠭᠤᠯᠭ᠎ᠠ ᠶᠢᠨ ᠭᠠᠷ ᠳᠡᠪᠲᠡᠷ᠂ 50 ᠤᠬᠠᠭᠤᠯᠭ᠎ᠠ ᠶᠢᠨ ᠪᠣᠭᠤᠳᠠᠯ ᠲᠠᠷᠬᠠᠭᠠᠵᠤ᠂ 30 ᠦᠵᠡᠭᠦᠯᠭᠡ ᠶᠢᠨ ᠰᠠᠮᠪᠠᠷ᠎ᠠ ᠭᠠᠷᠭᠠᠵᠤ᠂ 32000 ᠭᠠᠷᠤᠶ ᠪᠠᠭᠰᠢ ᠰᠣᠷᠣᠭᠴᠢ ᠬᠥᠮᠦᠵᠢᠯ ᠭᠥᠷᠳᠡᠪᠡ᠃ 
 
ᠢᠷᠡᠯᠲᠡ᠄ ᠵᠠᠯᠠᠶᠢᠳ ᠤᠨ ᠰᠤᠷᠭᠠᠨ ᠬᠦᠮᠤᠵᠢᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号