| 4 ᠰᠠᠷ᠎ᠠ ᠶᠢᠨ 1 ᠤ ᠦᠳᠡ ᠶᠢᠨ ᠡᠮᠦᠨ᠎ᠡ᠂ ᠵᠠᠯᠠᠶᠢᠳ ᠬᠤᠰᠢᠭᠤ ᠰᠤᠷᠭᠠᠭᠤᠯᠢ ᠳᠤ ᠤᠷᠤᠬᠤ ᠠᠴᠠ ᠡᠮᠦᠨᠡᠬᠢ | ᠰᠤᠷᠭᠠᠨ ᠬᠥᠮᠦᠵᠢᠯ ᠤᠨ ᠠᠵᠢᠯ ᠤᠨ ᠬᠤᠷᠠᠯ ᠵᠢᠴᠢ ᠬᠡᠤᠬᠡᠳ ᠤᠨ ᠴᠡᠴᠡᠷᠯᠢᠭ ᠤᠨ ᠠᠰᠠᠷᠠᠨ ᠬᠥᠮᠦᠵᠢᠭᠦᠯᠬᠦ ᠰᠤᠷᠭᠠᠨ | ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ | ᠰᠤᠷᠭᠠᠨ ᠬᠦᠮᠤᠵᠢᠯ ᠤᠨ ᠲᠤᠪᠴᠢᠶ᠎ᠠ ᠶᠢᠨ ᠬᠠᠮᠢᠶ᠎ᠠ ᠪᠦᠬᠦᠢ ᠲᠠᠰᠤᠭ ᠤᠨ ᠬᠠᠷᠢᠭᠤᠴᠠᠯᠭᠠᠲᠠᠨ᠂ ᠵᠢᠭᠠᠨ | ᠰᠤᠳᠤᠯᠤᠭᠴᠢ᠂ ᠬᠤᠰᠢᠭᠤᠨ ᠤ ᠰᠢᠭᠤᠳ ᠬᠠᠷᠢᠶ᠎ᠠ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠵᠢᠴᠢ | ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠳᠠᠷᠤᠭ᠎ᠠ ᠵᠡᠷᠭᠡ 70 ᠭᠠᠷᠤᠢ ᠬᠥᠮᠥᠨ ᠬᠤᠷᠠᠯ ᠳᠤ | ᠣᠷᠣᠯᠴᠠᠵᠠᠢ᠃ | ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠬᠡᠦᠬᠡᠳ ᠤᠨ ᠴᠡᠴᠡᠷᠯᠢᠭ ︽ | ᠰᠤᠷᠭᠠᠭᠤᠯᠢ ᠳᠤ ᠤᠷᠤᠬᠤ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ︾ ᠪᠠᠷ ᠵᠢᠯᠣᠭᠤᠳᠣᠯᠭ᠎ᠠ ᠪᠣᠯᠭᠠᠵᠤ᠂ | ᠰᠤᠷᠭᠠᠭᠤᠯᠢ ᠳᠤ ᠤᠷᠤᠬᠤ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ | ᠠᠵᠢᠯ ᠢ ᠠᠬᠢᠭᠤᠯᠬᠤ ᠬᠡᠷᠡᠭᠲᠡᠶ᠃ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠰᠤᠷᠭᠠᠭᠤᠯᠢ ᠳᠤ ᠤᠷᠤᠬᠤ | ᠠᠴᠠ ᠡᠮᠦᠨᠡᠬᠢ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ ᠬᠥᠭᠵᠢᠯᠲᠡ ᠶᠢ | ᠠᠬᠢᠭᠤᠯᠬᠤ ᠬᠡᠷᠡᠭᠲᠡᠶ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠳᠤ | ᠤᠷᠤᠬᠤ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ ᠤᠨ ᠶᠠᠰᠤ ᠴᠢᠨᠠᠷ ᠢ | ᠪᠦᠲᠦᠮᠵᠢᠲᠡᠶ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ ᠭᠡᠵᠤ ᠱᠠᠭᠠᠷᠳᠠᠵᠠᠢ᠃ |