| ᠲᠦᠷᠦᠬᠦᠭᠡᠨ᠂ ᠵᠠᠯᠠᠶᠢᠳ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠬᠢᠨ ᠬᠠᠷᠢᠶᠠᠲᠤ | ᠣᠷᠣᠨ ᠤ ᠭᠤᠷᠪᠠᠨ ᠭᠢᠨᠳᠠᠨ ᠳᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠪᠠᠶᠢᠭᠤᠯᠤᠬᠰᠠᠨ | ᠪᠠᠶᠢᠨ᠎ᠠ᠃ ᠳᠤᠰ ᠠᠵᠢᠯ ᠤᠨ ᠦᠷᠳᠡᠭᠡ ᠨᠢ ᠬᠠᠤᠯᠢ ᠴᠠᠭᠠᠵᠠ ᠪᠠ ᠤᠬᠠᠭᠤᠯᠭ᠎ᠠ ᠳᠤᠰᠠᠯᠠᠮᠵᠢ ᠶᠢᠨ ᠡᠭᠦᠷᠭᠡ | ᠴᠢᠳᠠᠪᠬᠢ ᠪᠠᠨ ᠬᠦᠢᠴᠡᠳ ᠪᠠᠳᠠᠷᠠᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠤᠬᠠᠭᠤᠯᠭ᠎ᠠ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠵᠡᠷᠭᠡ ᠣᠯᠠᠨ ᠡᠰᠢᠵᠢᠭᠰᠡᠨ ᠦᠢᠯᠡᠴᠢᠯᠡᠭᠡ ᠪᠠᠷ | ᠳᠠᠮᠵᠢᠭᠤᠯᠤᠨ᠂ ᠭᠢᠨᠳᠠᠨ ᠤ ᠬᠢᠨᠠᠯᠲᠠ ᠬᠠᠮᠢᠶᠠᠷᠤᠯᠲᠠ ᠶᠢᠨ ᠡᠮᠬᠢ ᠵᠢᠷᠤᠮ ᠢ ᠬᠠᠮᠠᠭᠠᠯᠠᠬᠤ᠂ ᠡᠷᠡᠭᠦᠤ ᠰᠢᠳᠭᠡᠯ | ᠭᠦᠢᠴᠡᠳᠭᠡᠵᠦ ᠪᠠᠶᠢᠭ᠎ᠠ ᠬᠥᠮᠦᠰ ᠤᠨ ᠥᠭᠡᠷᠡᠴᠢᠯᠡᠯᠲᠡ ᠶᠢ ᠠᠬᠢᠭᠤᠯᠬᠤ᠂ ᠨᠡᠶᠢᠭᠡᠮ ᠤᠨ ᠡᠶ᠎ᠡ ᠵᠣᠬᠢᠴᠠᠯ ᠪᠠ | ᠲᠣᠭᠲᠠᠭᠤᠨ ᠪᠠᠶᠢᠳᠠᠯ ᠢ ᠪᠠᠲᠤᠯᠠᠬᠤ ᠳᠤ ᠬᠠᠤᠯᠢ ᠪᠠᠷ ᠵᠠᠰᠠᠬᠤ ᠬᠦᠴᠦᠨ ᠨᠡᠮᠡᠷᠢᠯᠡᠪᠡ᠃ | ᠳᠤᠰ ᠠᠵᠢᠯ ᠤᠨ ᠥᠷᠲᠡᠭᠡ ᠪᠠᠶᠢᠭᠤᠯᠤᠭᠳᠠᠭᠰᠠᠨ ᠠᠴᠠ ᠨᠠᠭᠠᠰᠢ᠂ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠲᠠᠶᠢᠯᠤᠮᠵᠢ ᠬᠢᠬᠦ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠵᠡᠷᠭᠡ ᠲᠤᠰᠬᠠᠶ | ᠰᠡᠳᠦᠪᠲᠦ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠤᠨ᠂ ︽ᠢᠷᠭᠡᠨ ᠤ ᠬᠠᠤᠯᠢ ᠶᠢᠨ ᠪᠢᠴᠢᠭ︾ | ᠂ ︽ᠭᠢᠨᠳᠠᠨ ᠤ ᠬᠠᠤᠯᠢ︾ ᠵᠡᠷᠭᠡ ᠬᠠᠤᠯᠢ ᠴᠠᠭᠠᠵᠠ ᠲᠦᠷᠢᠮ ᠲᠣᠭᠲᠠᠭᠠᠯ ᠢ ᠭᠦᠨᠵᠡᠭᠡᠶ ᠲᠠᠶᠢᠯᠪᠤᠷᠢᠯᠠᠵᠤ᠂ ᠡᠷᠡᠭᠦᠤ | ᠰᠢᠳᠭᠡᠯ ᠭᠦᠢᠴᠡᠳᠭᠡᠵᠦ ᠪᠠᠶᠢᠭ᠎ᠠ ᠬᠥᠮᠥᠰ ᠤᠨ ᠬᠠᠤᠯᠢ ᠪᠠᠷ ᠵᠠᠰᠠᠬᠤ ᠤᠬᠠᠮᠰᠠᠷ ᠢ ᠦᠨᠡᠨᠬᠦ ᠴᠢᠩᠭᠠᠳᠬᠠᠪᠠ᠃ | ᠡᠭᠦᠨ ᠤ ᠬᠠᠮᠲᠤ᠂ ᠲᠤᠰᠬᠠᠶ ᠬᠠᠤᠯᠢᠴᠢ ᠶᠢᠨ ᠪᠦᠯᠬᠦᠮ ᠢ ᠵᠣᠬᠢᠶᠠᠨ ᠪᠠᠶᠢᠭᠤᠯᠤᠨ ᠡᠷᠡᠭᠦᠦ ᠰᠢᠳᠭᠡᠯ ᠭᠦᠢᠴᠡᠳᠭᠡᠵᠦ | ᠪᠠᠶᠢᠭ᠎ᠠ ᠬᠥᠮᠦᠰ ᠵᠢᠴᠢ ᠬᠡᠷ ᠪᠦᠯᠢ ᠶᠢᠨ ᠬᠦ᠋ᠮᠦᠰ ᠤᠨ ᠬᠤᠭᠤᠷᠤᠨᠳᠤᠬᠢ ᠡᠳ᠋ ᠬᠥᠷᠥᠩᠭᠡ ᠶᠢᠨ ᠵᠢᠭᠤᠷᠠᠯᠳᠤᠭᠠᠨ᠂ | ᠣᠷᠤᠭ ᠬᠤᠷᠢᠮ᠂ ᠡᠷᠡᠭᠦᠦ ᠰᠢᠳᠬᠡᠯ ᠤᠨ ᠬᠤᠭᠤᠴᠠᠭ᠎ᠠ ᠨᠢ ᠳᠦᠭᠦᠷᠴᠦ ᠠᠵᠢᠯ ᠣᠯᠬᠤ ᠵᠡᠷᠭᠡ ᠬᠠᠤᠯᠢ | ᠴᠠᠭᠠᠵᠠ ᠶᠢᠨ ᠠᠰᠠᠭᠤᠳᠠᠯ ᠳᠤ ᠨᠢᠭᠤᠷᠳᠠᠨ ᠬᠠᠷᠢᠭᠤᠯᠲᠠ ᠥᠭᠪᠡ᠃ 2025 ᠣᠨ ᠤ 3 ᠰᠠᠷ᠎ᠠ ᠪᠣᠯᠲᠠᠯ᠎ᠠ᠂ | ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠬᠠᠤᠯᠢ ᠴᠠᠭᠠᠵᠠ ᠶᠢᠨ ᠵᠥᠪᠯᠡᠯᠭᠡ ᠶᠢ ᠨᠡᠶᠢᠲᠡ 50 | ᠭᠠᠷᠤᠶ ᠬᠥᠮᠦᠨ ︵ᠤᠳᠠᠭ᠎ᠠ︶ ᠬᠠᠩᠭᠠᠪᠡ᠃ | ᠳᠤᠰ ᠠᠵᠢᠯ ᠤᠨ ᠦᠷᠳᠡᠭᠡ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠠᠰᠠᠭᠤᠨ | ᠯᠠᠪᠯᠠᠬᠤ ᠦᠢᠯᠡᠴᠢᠯᠡᠭᠡᠨ ᠬᠠᠨᠭ᠍ᠭᠠᠵᠦ ᠪᠠᠶᠢᠭ᠎ᠠ ᠰᠠᠭᠤᠷᠢᠨ ᠳᠡᠭᠡᠷ᠎ᠡ ᠪᠠᠨ ᠵᠥᠷᠢᠴᠡᠯ ᠵᠢᠭᠤᠷᠠᠯᠳᠤᠭᠠᠨ ᠤ ᠰᠦᠪᠡᠭᠴᠢ ᠶᠢ | ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠬᠤ ᠲᠣᠭᠲᠠᠴᠠ ᠶᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ | ᠭᠢᠨᠳᠠᠨ ᠳᠤ ᠰᠤᠷᠪᠤᠯᠵᠢᠯᠠᠬᠤ᠂ ᠭᠡᠷ ᠪᠦᠯᠢ ᠶᠢᠨ ᠬᠦ᠋ᠮᠦᠰ ᠲᠠᠢ ᠨᠢ ᠶᠠᠷᠢᠯᠴᠠᠬᠤ᠂ ᠭᠢᠨᠳᠠᠨ ᠤ ᠴᠠᠭᠳᠠᠭ᠎ᠠ ᠲᠠᠢ | ᠬᠠᠮᠵᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠦᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠣᠯᠵᠤ | ᠮᠡᠳᠡᠨ᠂ ᠡᠶᠡᠳᠡᠬᠦᠯᠤᠨ ᠠᠷᠢᠯᠭᠠᠪᠡ᠃ 2025 ᠣᠨ ᠤ 3 ᠰᠠᠷ᠎ᠠ ᠪᠣᠯᠲᠠᠯ᠎ᠠ᠂ ᠳᠤᠰ ᠠᠵᠢᠯ ᠤᠨ ᠦᠷᠳᠡᠭᠡ ᠶᠢᠨ | ᠠᠵᠢᠯᠳᠡᠨ ᠭᠢᠨᠳᠠᠨ ᠳᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠡᠵᠢᠯ ᠳᠤ 2 ᠤᠳᠠᠭ᠎ᠠ | ᠣᠷᠣᠯᠴᠠᠵᠤ᠂ ᠬᠠᠤᠯᠢᠴᠢ ᠭᠡᠷᠡᠴᠢ ᠪᠠᠷᠢᠮᠲᠠ ᠶᠢ ᠬᠢᠨᠠᠨ ᠬᠠᠷᠭᠤᠭᠤᠯᠬᠤ᠂ ᠡᠷᠬᠡ ᠬᠠᠷᠢᠭᠤᠴᠠᠯᠭ᠎ᠠ ᠶᠢ | ᠲᠣᠳᠣᠷᠬᠠᠶᠢᠯᠠᠬᠤ᠂ ᠬᠠᠤᠯᠢ ᠶᠢ ᠲᠠᠶᠢᠯᠪᠤᠷᠢᠯᠠᠨ ᠡᠶᠡᠳᠡᠭᠦᠯᠬᠦ ᠪᠠᠷ ᠳᠠᠮᠵᠢᠭᠤᠯᠤᠨ᠂ ᠬᠤᠶᠠᠷ ᠲᠠᠯ᠎ᠠ ᠶᠢᠨ ᠡᠪᠰᠡᠬᠦ ᠶᠢ | ᠠᠬᠢᠭᠤᠯᠵᠤ᠂ ᠵᠥᠷᠢᠴᠡᠯ ᠤᠨ ᠲᠠᠰ ᠳᠡᠪᠰᠢᠬᠦ ᠠᠴᠠ ᠪᠦᠲᠦᠮᠵᠢᠲᠡᠶ ᠵᠠᠶᠢᠯᠠᠰᠭᠢᠪᠠ᠃ | ᠵᠠᠯᠠᠶᠢᠳ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠠᠴᠠ ᠭᠢᠨᠳᠠᠨ᠂ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠲᠠᠰᠤᠷᠠᠯᠲᠠ ᠦᠭᠡᠢ | ᠨᠢᠭᠳᠠᠷᠠᠭᠤᠯᠤᠨ ᠭᠦᠨᠵᠡᠭᠡᠶᠢᠷᠡᠭᠦᠯᠵᠦ᠂ ᠨᠡᠩ ᠥᠨᠳᠥᠷ ᠲᠦᠪᠰᠢᠨ ᠪᠦᠬᠦᠢ ᠬᠠᠤᠯᠢᠵᠢᠯ ᠤᠨ ᠭᠢᠨᠳᠠᠨ ᠢ ᠪᠠᠶᠢᠭᠤᠯᠬᠤ᠂ | ᠡᠶ᠎ᠡ ᠵᠣᠬᠢᠴᠠᠩᠭᠤᠢ ᠲᠣᠭᠲᠠᠭᠤᠨ ᠠᠮᠤᠷ ᠠᠮᠤᠭᠤᠯᠠᠩ ᠨᠡᠶᠢᠭᠡᠮ ᠢ ᠪᠠᠶᠢᠭᠤᠯᠬᠤ ᠳᠤ ᠪᠠᠲᠤ ᠴᠢᠩᠭ᠎ᠠ ᠬᠦᠴᠦᠲᠡᠢ | ᠪᠠᠲᠤᠯᠠᠭ᠎ᠠ ᠬᠠᠩᠭᠠᠵᠤ ᠪᠤᠢ᠃ ︵ᠵᠤᠤ ᠢ ᠰᠢᠨ︶ |