| | | ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠨᠡᠶᠢᠬᠡᠮ ᠤᠨ ᠦᠨᠡᠨᠴᠢ ᠢᠳᠡᠬᠡᠮᠵᠢ ᠶᠢᠨ ᠪᠠᠶᠢᠭᠤᠯᠤᠯᠳᠠ ᠪᠠᠷ | ᠭᠠᠷᠳᠠᠴᠠ ᠪᠤᠯᠭᠠᠵᠦ᠂ ᠦᠨᠡᠨᠴᠢ ᠢᠳᠡᠬᠡᠮᠵᠢ ᠶᠢᠨ ᠤᠨᠤᠯᠵᠢᠬᠤᠨ ᠢ ᠬᠦᠳᠡᠭᠡ ᠲᠤᠰᠬᠤᠨ ᠤ ᠵᠠᠰᠠᠯᠳᠠ ᠳᠤ ᠬᠦᠨᠵᠡᠬᠡᠢ | ᠠᠭᠤᠰᠤᠯᠴᠠᠭᠤᠯᠵᠦ᠂ ︽ᠦᠨᠡᠨᠴᠢ ᠢᠳᠡᠬᠡᠮᠵᠢ +︾ ᠵᠠᠬᠪᠦᠷ ᠢᠶᠠᠷ ᠬᠦᠳᠡᠭᠡ ᠲᠤᠰᠬᠤᠨ ᠤ ᠮᠠᠭᠤ ᠮᠠᠭᠤᠬᠠᠢ ᠵᠠᠩ | ᠲᠠᠳᠬᠠᠯ ᠢ ᠦᠬᠡᠷᠡᠴᠢᠯᠡᠬᠦ ᠳᠤ ᠬᠦᠴᠦᠨ ᠨᠡᠮᠡᠷᠢᠯᠡᠵᠦ᠂ ᠦᠨᠡᠨᠴᠢ ᠢᠳᠡᠬᠡᠮᠵᠢ ᠶᠢ ᠬᠦᠳᠡᠭᠡ ᠲᠤᠰᠬᠤᠨ ᠢ | ᠬᠦᠭᠵᠢᠬᠦᠯᠦᠨ ᠮᠠᠨᠳᠤᠭᠤᠯᠬᠤ ︽ᠠᠯᠳᠠᠨ ᠲᠦᠯᠬᠢᠬᠦᠷ︾ ᠪᠤᠯᠭᠠᠵᠤ ᠪᠤᠢ᠃ | ᠬᠠᠪᠦᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ᠂ ᠵᠠᠯᠠᠶᠢᠳ ᠬᠤᠰᠢᠭᠤᠨ ᠤ ᠬᠦᠳᠡᠭᠡ ᠲᠤᠰᠬᠤᠨ ᠤ | ᠢᠳᠡᠬᠡᠮᠵᠢ ᠶᠢᠨ ᠬᠤᠯᠪᠤᠭᠠᠳᠤ ᠬᠤᠷᠰᠢᠶ᠎ᠠ ᠶᠢᠨ ᠪᠤᠯᠭᠠᠨᠬᠤᠸᠠ ᠢᠳᠡᠬᠡᠮᠵᠢ ᠶᠢᠨ ᠬᠤᠷᠰᠢᠶᠠᠨ ᠳᠤ ᠤᠯᠠᠨ ᠲᠠᠷᠢᠶᠠᠴᠢᠨ | ᠵᠢᠬᠡᠯᠡᠯᠬᠡ ᠬᠦᠢᠴᠡᠳᠬᠡᠵᠦ ᠪᠠᠶᠢᠪᠠ᠃ ᠶᠦᠩ ᠹᠠ ᠲᠤᠰᠬᠤᠨ ᠤ ᠰᠢ ᠶᠠᠨ ᠴᠦᠨ ᠶᠠᠭ ᠰᠠᠶ᠋ᠢᠬᠠᠨ ᠢᠳᠡᠬᠡᠮᠵᠢᠳᠦ | ᠵᠢᠬᠡᠯᠡᠯᠬᠡ ᠭᠤᠶᠤᠴᠢᠯᠠᠵᠦ᠂ ᠭᠠᠴᠠᠭᠠᠨ ᠤ ︽ᠦᠨᠡᠨᠴᠢ ᠢᠳᠡᠬᠡᠮᠵᠢᠳᠡᠢ ᠲᠤᠰᠬᠤᠨ︾ ᠤ ᠰᠢᠯᠢᠳᠡᠭ ᠢᠳᠡᠬᠡᠮᠵᠢ ᠶᠢᠨ | ᠬᠢᠷᠢ ᠬᠡᠮ ᠳᠡᠭᠡᠨ ᠲᠦᠰᠢᠭᠯᠡᠨ᠂ ᠲᠡᠷᠡ ᠪᠠᠷᠢᠴᠠᠭᠠᠨ ᠤ ᠲᠠᠭᠠᠭᠠᠯᠳᠠ ᠦᠬᠡᠢ ᠪᠠᠷ ᠲᠤᠤᠷ᠎ᠠ ᠬᠦᠦ ᠲᠠᠢ ᠵᠢᠬᠡᠯᠡᠯᠬᠡ | ᠬᠦᠷᠳᠡᠵᠦ᠂ 200 ᠭᠠᠷᠦᠢ ᠮᠤ᠋ ᠲᠠᠷᠢᠶ᠎ᠠ ᠲᠠᠷᠢᠬᠤ ᠪᠡᠯᠡ ᠮᠦᠡᠭᠬᠦ ᠶᠢᠨ ᠠᠰᠠᠭᠤᠳᠠᠯ ᠢ ᠰᠶᠢᠳᠪᠦᠷᠢᠯᠡᠵᠡᠢ᠃ | ᠰᠢ ᠶᠠᠨ ᠴᠦᠨ᠄ ︽ᠵᠢᠬᠡᠯᠡᠯᠬᠡ ᠶᠢᠨ ᠬᠦᠦ ᠶᠢᠨ ᠨᠤᠷᠮ᠎ᠠ ᠬᠠᠷᠠᠭᠠᠯᠵᠠᠯ ᠲᠠᠢ᠂ ᠲᠤᠭ᠎ᠠ ᠬᠡᠮᠵᠢᠶ᠎ᠡ ᠪᠦᠷᠢᠨ᠂ | ᠭᠠᠷ ᠬᠦᠢᠴᠡᠳᠬᠡᠯ ᠲᠦᠬᠦᠮ᠃ ᠢᠳᠡᠬᠡᠮᠵᠢ ᠶᠢᠨ ᠬᠤᠷᠰᠢᠶ᠎ᠠ ᠶᠢᠨ ᠦᠢᠯᠡᠴᠢᠯᠡᠭᠡ ᠲᠤᠩ ᠰᠠᠶᠢᠨ︕︾ ᠬᠡᠵᠦ | ᠶᠠᠷᠢᠵᠦ ᠪᠠᠶᠢᠯ᠎ᠠ᠃ | ᠪᠤᠯᠭᠠᠨᠬᠤᠸᠠ ᠢᠳᠡᠭᠡᠮᠵᠢ ᠶᠢᠨ ᠬᠤᠷᠰᠢᠶ᠎ᠠ ᠶᠢᠨ ᠡᠷᠬᠢᠯᠡᠭᠴᠢ ᠡᠾᠧ ᠸᠧᠨ ᠯᠢᠶᠠᠩ᠄ ︽ᠶᠦᠩ ᠹᠠ ᠲᠤᠰᠬᠤᠨ | ᠦᠨᠡᠨᠴᠢ ᠢᠳᠡᠬᠡᠮᠵᠢ ᠶᠢᠨ ᠲᠤᠰᠬᠤᠨ ᠢ ᠡᠬᠦᠳᠦᠨ ᠪᠠᠶᠢᠭᠤᠯᠤᠬᠰᠠᠨ ᠠᠴᠠ ᠨᠠᠭᠠᠰᠢ᠂ ᠵᠢᠬᠡᠯᠡᠯᠬᠡ ᠶᠢᠨ ᠨᠦᠬᠦᠴᠡᠯ ᠳᠤ | ᠲᠤᠬᠢᠷᠠᠬᠰᠠᠨ ᠲᠤᠰᠬᠤᠨ ᠤ ᠠᠷᠠᠳ ᠤᠨ ᠵᠢᠬᠡᠯᠡᠯᠬᠡ ᠵᠢᠬᠡᠯᠡᠭᠰᠡᠨ ᠪᠦᠷᠬᠦᠯᠳᠡ ᠶᠢᠨ ᠨᠤᠷᠮ᠎ᠠ 60% ᠶᠢ ᠲᠠᠪᠠᠵᠦ᠂ | ᠲᠤᠰᠬᠤᠨ ᠤ ᠠᠷᠠᠳ ᠤᠨ ᠲᠠᠷᠢᠵᠦ ᠲᠡᠵᠢᠬᠡᠵᠦ ᠦᠷᠡᠵᠢᠬᠦᠯᠬᠦ ᠠᠵᠦ ᠦᠢᠯᠡᠰ ᠢ ᠬᠦᠭᠵᠢᠬᠦᠯᠬᠦ ᠳᠤ ᠬᠦᠴᠦᠳᠡᠢ | ᠲᠡᠮᠵᠢᠯᠬᠡ ᠦᠵᠡᠬᠦᠯᠵᠡᠢ︾ ᠬᠡᠵᠦ ᠶᠠᠷᠢᠵᠦ ᠪᠠᠶᠢᠯ᠎ᠠ᠃ | ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠪᠤᠯᠭᠠᠨᠬᠤᠸᠠ ᠰᠤᠮᠤ ᠦᠨᠡᠨᠴᠢ ᠢᠳᠡᠬᠡᠮᠵᠢ ᠶᠢᠨ ᠰᠢᠰᠲ᠋ᠧᠮ ᠤᠨ | ᠪᠠᠶᠢᠭᠤᠯᠦᠯᠳᠡ ᠶᠢ ᠦᠷᠬᠦᠯᠵᠢᠯᠡᠨ ᠠᠬᠢᠭᠤᠯᠵᠦ᠂ ᠦᠨᠡᠨᠴᠢ ᠢᠳᠡᠬᠡᠮᠵᠢ ᠶᠢᠨ ᠲᠠᠩᠰᠠ ᠪᠠᠶᠢᠭᠤᠯᠬᠤ᠂ ᠦᠨᠡᠨᠴᠢ | ᠢᠳᠡᠬᠡᠮᠵᠢ ᠶᠢᠨ ᠨᠡᠶᠢᠳᠡᠯᠢᠭ ᠵᠢᠱᠢᠶ᠎ᠡ ᠶᠢ ᠰᠤᠩᠭᠤᠬᠤ᠂ ᠤᠬᠠᠭᠤᠯᠭ᠎ᠠ ᠶᠢ ᠴᠢᠩᠭᠠᠳᠬᠠᠬᠤ ᠵᠡᠷᠭᠡ ᠠᠷᠭ᠎ᠠ ᠪᠠᠷ | ᠦᠨᠡᠨᠴᠢ ᠢᠳᠡᠬᠡᠮᠵᠢ ᠶᠢᠨ ᠪᠠᠶᠢᠭᠤᠯᠤᠯᠳᠠ ᠶᠢ ᠤᠯᠠᠨ ᠲᠦᠮᠡᠨ ᠤ ᠦᠢᠯᠡᠳᠪᠦᠷᠢᠯᠡᠯ ᠠᠮᠢᠳᠦᠷᠠᠯ ᠤᠨ ᠡᠯ᠎ᠡ ᠲᠠᠯ᠎ᠠ ᠳᠤ | ᠠᠭᠤᠰᠤᠯᠴᠠᠭᠤᠯᠵᠠᠢ᠃ ᠲᠤᠰᠬᠤᠨ ᠤ ᠠᠷᠠᠳ ᠰᠢᠯᠢᠳᠡᠭ ᠦᠨᠡᠨᠴᠢ ᠢᠳᠡᠬᠡᠮᠵᠢ ᠶᠢᠨ ᠬᠠᠷᠠᠭᠠᠯᠵᠠᠯ ᠢ ᠤᠯᠵᠦ ᠬᠦᠷᠳᠡᠨ | ᠂ ᠦᠨᠡᠨᠴᠢ ᠢᠳᠡᠬᠡᠮᠵᠢ ᠶᠢ ᠮᠡᠳᠡᠬᠦ᠂ ᠦᠨᠡᠨᠴᠢ ᠢᠳᠡᠬᠡᠮᠵᠢ ᠶᠢ ᠠᠰᠢᠬᠯᠠᠬᠤ᠂ ᠦᠨᠡᠨᠴᠢ ᠢᠳᠡᠬᠡᠮᠵᠢ ᠶᠢ ᠰᠠᠬᠢᠬᠤ | ᠰᠢᠯᠢᠳᠡᠭ ᠠᠭᠤᠷ ᠠᠮᠢᠰᠬᠤᠯ ᠢ ᠪᠦᠷᠢᠯᠳᠦᠬᠦᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠰᠢᠨ᠎ᠠ | ᠴᠢᠳᠠᠪᠬᠢ ᠤᠯᠭᠤᠵᠠᠢ᠃ ᠪᠤᠯᠭᠠᠨᠬᠤᠸᠠ ᠰᠤᠮᠤ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠰᠢᠬᠦᠨ ᠪᠠᠢ ᠯᠢ ᠯᠢ᠄ | ︽ᠪᠤᠯᠭᠠᠨᠬᠤᠸᠠ ᠰᠤᠮᠤ ᠦᠨᠡᠨᠴᠢ ᠢᠳᠡᠬᠡᠮᠵᠢ ᠶᠢᠨ ᠪᠠᠶᠢᠭᠤᠯᠤᠯᠳᠠ ᠪᠠᠷ ᠰᠢᠪᠳᠦᠯᠦᠯᠳᠡ ᠶᠢᠨ ᠴᠡᠭ ᠪᠤᠯᠭᠠᠵᠦ᠂ | ᠦᠨᠡᠨᠴᠢ ᠢᠳᠡᠬᠡᠮᠵᠢ ᠶᠢᠨ ᠲᠤᠰᠬᠤᠨ ᠤ ᠪᠠᠶᠢᠭᠤᠯᠤᠯᠳᠠ ᠪᠠᠷ ᠬᠦᠳᠡᠭᠡ ᠲᠤᠰᠬᠤᠨ ᠤ ᠰᠤᠷᠳᠠᠯ ᠤᠨ ᠪᠤᠯᠪᠠᠰᠦᠨ ᠢ | ᠠᠬᠢᠭᠤᠯᠬᠤ᠂ ᠬᠦᠳᠡᠭᠡ ᠲᠤᠰᠬᠤᠨ ᠤ ᠠᠵᠦ ᠠᠬᠤᠢ ᠶᠢᠨ ᠬᠦᠭᠵᠢᠯᠳᠡ ᠶᠢ ᠠᠬᠢᠭᠤᠯᠬᠤ ᠴᠢᠬᠤᠯᠠ ᠭᠠᠷᠳᠠᠴᠠ | ᠪᠤᠯᠭᠠᠵᠠᠢ︾ ᠬᠡᠵᠦ ᠶᠠᠷᠢᠵᠦ ᠪᠠᠶᠢᠯ᠎ᠠ᠃ ︵ᠵᠤᠤ ᠽᠢ ᠯᠦᠩ ᠯᠦᠸᠧ ᠮᠧᠩ︶ |