| 4 ᠰᠠᠷ᠎ᠠ ᠶᠢᠨ 20 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠢᠨᠳᠡᠷ | ᠪᠠᠯᠭᠠᠰᠤ᠂ ᠪᠠᠶᠠᠨᠵᠢᠯᠠᠭ᠎ᠠ ᠰᠢᠶᠠᠩ ᠪᠣᠯᠤᠨ ᠪᠤᠯᠠᠭᠠᠨᠬᠤᠸᠠ ᠰᠤᠮᠤ ᠪᠠᠷ ᠭᠦᠨᠵᠡᠭᠡᠶᠢᠷᠡᠵᠦ᠂ ᠣᠶ ᠰᠢᠭᠤᠢ ᠨᠤᠳᠤᠭ | ᠪᠡᠯᠴᠢᠭᠡᠷ ᠢ ᠡᠪᠳᠡᠵᠤ ᠰᠦᠢᠳᠬᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ | ᠴᠢ ᠯᠢᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ | ᠨᠠᠶᠢᠳᠠᠪᠤᠷᠢᠵᠢᠭᠤᠯᠵᠤ᠂ ᠨᠢᠭᠲᠠ ᠬᠠᠮᠵᠢᠯᠴᠠᠵᠤ ᠵᠣᠬᠢᠴᠠᠭᠤᠯᠤᠨ ᠬᠠᠮᠲᠤᠷᠠᠯᠴᠠᠵᠤ᠂ ᠬᠠᠲᠠᠭᠤ ᠴᠢᠩᠭ᠎ᠠ ᠠᠷᠭ᠎ᠠ | ᠬᠡᠮᠵᠢᠶ᠎ᠡ ᠪᠠ ᠨᠠᠷᠢᠨ ᠨᠢᠭᠲᠠ ᠲᠥᠯᠥᠪᠯᠡᠭᠡ ᠭᠠᠷᠭᠠᠵᠤ᠂ ᠬᠤᠷᠳᠤᠴᠠ ᠪᠠᠨ ᠲᠦᠷᠭᠡᠳᠬᠡᠵᠦ᠂ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ᠂ ᠶᠠᠰᠤ ᠴᠢᠨᠠᠷ ᠢᠶᠠᠨ ᠴᠢᠩᠳᠠᠯᠠᠵᠤ᠂ ᠨᠢᠭᠡ ᠠᠴᠠ ᠨᠦᠬᠦᠭᠡ ᠶᠢ ᠵᠦᠢᠴᠢᠯᠡᠨ ᠰᠠᠶᠢᠵᠢᠷᠠᠭᠤᠯᠵᠤ᠂ | ᠠᠰᠠᠭᠤᠳᠠᠯ ᠨᠢᠭᠡᠪᠦᠷᠢ ᠶᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠦᠷᠭᠡᠨ᠂ ᠴᠢᠩᠭ᠎ᠠ | ᠂ ᠨᠠᠷᠢᠨ ᠪᠠᠶᠢᠬᠤ ᠱᠠᠭᠠᠷᠳᠠᠯᠭ᠎ᠠ ᠶᠣᠰᠣᠭᠠᠷ᠂ ᠣᠶ ᠰᠢᠭᠤᠶ ᠨᠤᠳᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠡᠷᠴᠢᠮ | ᠢᠶᠠᠨ ᠪᠥᠬᠦ ᠲᠠᠯ᠎ᠠ ᠪᠠᠷ ᠴᠢᠩᠭᠠᠳᠬᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠠᠢ᠃ | ᠡᠨᠡ ᠬᠤᠭᠤᠴᠠᠭᠠᠨ ᠳᠤ᠂ ᠴᠢ ᠯᠢᠨ ᠪᠠᠰᠠ ᠬᠠᠪᠤᠷ ᠤᠨ ᠲᠠᠷᠢᠶᠠᠯᠠᠩ ᠦᠢᠯᠡᠳᠪᠦᠷᠢᠯᠡᠯ᠂ ᠬᠤᠶᠠᠳᠤᠭᠠᠷ | ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠤᠷᠳᠤᠳᠬᠠᠬᠤ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ | ᠰᠢᠢᠳᠪᠦᠷᠢᠯᠡᠬᠦ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠥᠳᠡᠭᠡ | ᠲᠣᠰᠬᠤᠨ ᠤ ᠴᠠᠬᠢᠯᠭᠠᠨ ᠤᠲᠠᠰᠤ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ | ᠣᠶᠢᠯᠠᠭᠠᠪᠠ᠃ | ᠵᠠᠯᠠᠶᠢᠳ ᠬᠤᠰᠢᠭᠤᠨ ᠤ ᠤᠳᠤᠷᠢᠳᠤᠯᠭ᠎ᠠ ᠸᠠᠩ ᠵᠠᠨ ᠵᠢᠶᠦ᠋ᠨ ᠣᠷᠣᠯᠴᠠᠪᠠ᠃ |