ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/23
    4 ᠰᠠᠷ᠎ᠠ ᠶᠢᠨ 19 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢ ᠬᠤᠤ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠵᠢᠷᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠠᠢ᠃ ᠶᠡᠷᠦᠩᠬᠡᠶ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠠᠯᠠᠶᠢᠳ ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠢ ᠡᠪᠳᠡᠵᠤ ᠰᠦᠢᠳᠬᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠬᠥᠭᠵᠢᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠠᠵᠤ ᠦᠢᠯᠡᠰ ᠤᠨ ᠠᠮᠢ ᠠᠬᠤᠢᠢᠵᠢᠯᠳᠠ᠂ ᠠᠮᠢ ᠠᠬᠤᠢ ᠶᠢᠨ ᠠᠵᠤ ᠦᠢᠯᠡᠰᠵᠢᠯᠳᠠ ᠶᠢ ᠠᠬᠢᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠤᠢ ᠰᠢᠭᠤᠢ ᠨᠤᠳᠤᠭ ᠪᠡᠯᠴᠢᠭᠡᠷ ᠢ ᠡᠪᠳᠡᠵᠤ ᠰᠦᠢᠳᠬᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠲᠤᠯᠭᠠᠮ᠎ᠠ ᠪᠤᠳᠤᠯ ᠢᠶᠠᠨ ᠴᠢᠩᠭᠠᠳᠬᠠᠵᠤ᠂ ︽ᠥᠴᠦᠬᠡᠨ ᠴᠦ ᠠᠭᠤᠴᠢᠯᠠᠬᠤ ᠦᠭᠡᠢ︾ ᠣᠪᠣᠷ ᠢᠶᠠᠷ ᠤᠢ ᠰᠢᠭᠤᠢ ᠨᠤᠳᠤᠭ ᠪᠡᠯᠴᠢᠭᠡᠷ ᠢ ᠡᠪᠳᠡᠵᠤ ᠰᠦᠢᠳᠬᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃     ᠬᠤᠷᠠᠯ ᠠᠴᠠ ᠪᠠᠰᠠ ᠪᠤᠰᠤᠳ ᠵᠤᠶᠢᠯᠡᠰ ᠢ ᠰᠤᠳᠤᠯᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号