| 4 ᠰᠠᠷ᠎ᠠ ᠶᠢᠨ 19 ᠤ ᠡᠳᠦᠷ᠂ ᠵᠠᠯᠠᠶᠢᠳ ᠬᠤᠰᠢᠭᠤ ᠪᠥᠬᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ | ᠬᠤᠷᠠᠯᠳᠤᠭᠤᠯᠵᠤ᠂ ᠠᠶᠢᠮᠠᠭ ᠤᠨ ᠨᠠᠮ ᠤᠨ ᠬᠤᠷᠢᠶᠠᠨ ᠤ 2025 ᠣᠨ ᠤ ᠠᠷᠪᠠᠨ ᠲᠠᠪᠤᠳᠤᠭᠠᠷ ᠤᠳᠠᠭᠠᠨ ᠤ | ᠭᠡᠰᠢᠭᠦᠳ ᠤᠨ ᠬᠤᠷᠠᠯ ᠵᠢᠴᠢ ᠪᠥᠬᠦ ᠠᠶᠢᠮᠠᠭ ᠤᠨ 2025 ᠣᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ | ᠪᠠᠶᠢᠳᠠᠯ ᠤᠨ ᠵᠠᠳᠠᠯᠤᠯᠲᠠ ᠶᠢᠨ ᠬᠤᠷᠠᠯ ︵ᠪᠥᠬᠦ ᠠᠶᠢᠮᠠᠭ ᠤᠨ 2025 ᠣᠨ ᠤ ︽ᠭᠤᠷᠪᠠᠨ ᠨᠠᠷᠢᠨ ᠲᠠᠩᠰᠠ︾ ᠶᠢ | ᠪᠡᠶᠡᠯᠡᠭᠦᠯᠦᠭᠰᠡᠨ ᠠᠬᠢᠴᠠ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠬᠤᠷᠠᠯ ᠢ ᠡᠷᠭᠢᠯᠡᠭᠰᠡᠨ ᠪᠥᠭᠡᠳ ᠪᠥᠬᠦ ᠬᠤᠰᠢᠭᠤᠨ ᠤ | ᠣᠳᠣᠬᠠᠨ ᠤ ᠭᠤᠤᠯᠳᠠᠯᠭ᠎ᠠ ᠲᠠᠢ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ︽ᠵᠢᠷᠭᠤᠭᠠᠨ | ᠠᠵᠢᠯᠯᠠᠭ᠎ᠠ︾ ᠪᠣᠯᠤᠨ ︽ᠭᠤᠷᠪᠠᠨ ᠨᠠᠷᠢᠨ ᠲᠠᠩᠰᠠ︾ ᠶᠢ ᠰᠠᠶᠢᠲᠤᠷ ᠥᠷᠨᠢᠭᠦᠯᠵᠦ᠂ ᠦᠷ᠎ᠡ ᠪᠦᠲᠦᠮᠵᠢ ᠶᠢ | ᠮᠥᠷᠳᠡᠨ ᠠᠰᠠᠭᠤᠬᠤ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠲᠡᠰ | ᠳᠠᠷᠠᠭᠠᠯᠠᠯ ᠤᠨ ᠱᠠᠭᠠᠷᠳᠠᠯᠭ᠎ᠠ ᠶᠣᠰᠣᠭᠠᠷ ᠵᠢᠱᠢᠭᠰᠡᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠠᠳᠬᠤᠵᠤ᠂ | ᠤᠢ ᠰᠢᠭᠤᠢ ᠨᠤᠳᠤᠭ ᠪᠡᠯᠴᠢᠭᠡᠷ ᠢ ᠡᠪᠳᠡᠵᠤ ᠰᠦᠢᠳᠬᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ | ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠢᠯᠡᠷᠡᠭᠦᠯᠵᠦ᠂ | ᠪᠠᠶᠢᠩᠭᠤᠵᠢᠭᠤᠯᠤᠭᠰᠠᠨ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ | ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠢᠴᠢ 12345 | ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠠᠷᠢᠯᠭᠠᠬᠤ ᠡᠷᠴᠢᠮ ᠢᠶᠠᠨ ᠴᠢᠩᠭᠠᠳᠬᠠᠵᠤ᠂ ᠤᠯᠠᠨ ᠲᠦᠮᠡᠨ ᠤ | ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ | ᠣᠳᠣᠬᠠᠨ ᠤ ᠬᠠᠪᠤᠷ ᠤᠨ ᠲᠠᠷᠢᠶᠠᠯᠠᠩ ᠦᠢᠯᠡᠳᠪᠦᠷᠢᠯᠡᠯ᠂ ᠵᠠᠮ ᠬᠠᠷᠢᠯᠴᠠᠭ᠎ᠠ᠂ ᠤᠢ ᠰᠢᠭᠤᠢ ᠨᠤᠲᠤᠭ ᠪᠡᠯᠴᠢᠭᠡᠷ ᠤᠨ | ᠭᠠᠯ ᠲᠤᠶᠢᠮᠠᠷ ᠢ ᠰᠡᠷᠭᠡᠶᠢᠯᠡᠨ ᠤᠨᠲᠠᠷᠠᠭᠠᠬᠤ᠂ ᠥᠨᠳᠥᠷ ᠪᠠᠷᠢᠯᠭ᠎ᠠ᠂ ᠣᠨᠴᠠᠭᠠᠢ ᠴᠠᠭ ᠠᠭᠤᠷ ᠵᠡᠷᠭᠡ ᠲᠠᠯ᠎ᠠ ᠶᠢ | ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠬᠤ | ᠬᠡᠷᠡᠭᠲᠡᠢ ᠭᠡᠵᠤ ᠴᠢᠬᠤᠯᠠᠴᠢᠯᠠᠵᠠᠢ᠃ |