| 4 ᠰᠠᠷ᠎ᠠ ᠶᠢᠨ 16 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ | ᠳᠠᠷᠤᠭ᠎ᠠ ᠢᠦᠢ ᠵᠢᠶ ᠱᠦᠨ ᠵᠠᠯᠠᠶᠢᠳ ᠬᠤᠰᠢᠭᠤᠨ ᠳᠤ ᠰᠢᠨᠵᠢᠯᠡᠨ ᠪᠠᠶᠢᠴᠠᠭᠠᠯᠳᠠ ᠬᠢᠪᠡ᠃ | ᠢᠦᠢ ᠵᠢᠢ ᠱᠦᠨ ᠤᠷᠢᠳ ᠬᠤᠵᠢᠳ ᠲᠡᠮᠡᠭᠡᠴᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ᠂ ᠪᠠᠶᠠᠨᠭᠤᠣᠯ ᠪᠠᠯᠭᠠᠰᠤᠨ ᠤ ᠾᠧ ᠫᠢᠩ ᠲᠣᠰᠬᠤᠨ ᠵᠡᠷᠭᠡ ᠭᠠᠵᠠᠷ ᠲᠤ ᠬᠦᠷᠴᠦ᠂ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠳᠠ᠂ ᠦᠨᠳᠦᠷ ᠪᠠᠷᠢᠮᠵᠢᠶᠠᠳᠦ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠳᠠ ᠵᠡᠷᠭᠡ | ᠠᠵᠢᠯ ᠢ ᠱᠠᠯᠠᠪᠳᠠᠭᠤᠯᠤᠨ ᠵᠢᠯᠤᠭᠤᠳᠴᠤ ᠰᠢᠨᠵᠢᠯᠡᠨ ᠪᠠᠶᠢᠴᠠᠭᠠᠵᠦ᠂ ᠡᠷᠦᠭᠡ ᠪᠠᠷ ᠬᠦᠨᠵᠡᠭᠡᠶᠢᠷᠡᠨ ᠬᠠᠪᠤᠷ ᠤᠨ | ᠲᠠᠷᠢᠶᠠᠯᠠᠭ᠎ᠠ ᠶᠢᠨ ᠡᠳ᠋ ᠪᠣᠳᠠᠰ ᠤᠨ ᠨᠥᠭᠡᠴᠡᠯ᠂ ᠬᠤᠶᠠᠳᠠᠬᠢ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢ | ᠤᠷᠲᠤᠳᠬᠠᠭᠰᠠᠨ ᠵᠡᠷᠭᠡ ᠪᠠᠶᠢᠳᠠᠯ ᠢ ᠣᠶᠢᠯᠠᠭᠠᠪᠠ᠃ | ᠢᠦᠢ ᠵᠢᠢ ᠱᠦᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠪᠤᠢ ᠪᠤᠯᠭᠠᠵᠦ᠂ | ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠲᠦᠷᠢᠮ ᠢ ᠨᠠᠶᠢᠳᠠᠪᠤᠷᠢᠵᠢᠭᠤᠯᠵᠤ᠂ ᠤᠷᠳᠤ ᠬᠤᠭᠤᠴᠠᠭᠠᠨ ᠤ | ᠪᠦᠲᠦᠮᠵᠢᠲᠡᠢ ᠬᠢᠨᠠᠨ ᠬᠠᠮᠢᠶᠠᠷᠤᠯᠲᠠ ᠶᠢᠨ ᠲᠣᠭᠲᠠᠴᠠ ᠶᠢ ᠲᠡᠬᠦᠯᠳᠡᠷᠵᠢᠬᠦᠯᠵᠦ᠂ ᠤᠢ ᠰᠢᠭᠤᠢ ᠨᠤᠳᠤᠭ ᠪᠡᠯᠴᠢᠭᠡᠷ ᠢ | ᠡᠪᠳᠡᠬᠦ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠠᠮᠢ ᠠᠬᠤᠢ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠬᠤ | ᠬᠡᠷᠡᠭᠲᠡᠢ᠃ ᠵᠢᠭᠠᠰᠤ ᠠᠩᠨᠠᠬᠤ ᠶᠢ ᠴᠠᠭᠠᠵᠠᠯᠠᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠷᠡᠭᠯᠡᠭᠡ ᠪᠣᠯᠤᠨ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ | ᠂ ᠤᠰᠤᠨ ᠤᠷᠤᠨ ᠤ ᠠᠮᠢ ᠠᠬᠤᠢ ᠶᠢ ᠰᠡᠷᠬᠦᠭᠡᠭᠰᠡᠨ ᠦᠷ᠎ᠠ ᠪᠦᠳᠦᠮᠵᠢ ᠶᠢ ᠲᠡᠭᠡᠭᠰᠢᠯᠡᠬᠦᠯᠬᠦ ᠬᠡᠷᠡᠭᠳᠡᠢ᠃ ᠤᠷᠭᠤᠮᠠᠯ | ᠬᠤᠴᠢᠯᠭ᠎ᠠ ᠶᠢ ᠰᠡᠷᠬᠦᠭᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠦᠷᠨᠢᠬᠦᠯᠵᠦ᠂ ᠤᠷᠭᠤᠬᠤ ᠳᠤ ᠲᠤᠬᠢᠷᠠᠮᠵᠢᠳᠠᠢ | ᠮᠤᠳᠤᠨ ᠤ ᠲᠦᠷᠦᠯ ᠢ ᠰᠤᠩᠭᠤᠵᠦ᠂ ᠲᠠᠷᠢᠵᠦ ᠤᠶᠢᠵᠢᠭᠤᠯᠪᠠᠯ ᠡᠳᠡᠭᠡᠷᠡᠯᠳᠡ ᠶᠢᠨ ᠨᠤᠷᠮ᠎ᠠ ᠶᠢ ᠪᠠᠳᠤᠯᠠᠬᠤ ᠬᠡᠷᠡᠭᠳᠡᠢ᠃ | ᠮᠠᠯᠴᠢᠨ ᠲᠠᠷᠢᠶᠠᠴᠢᠨ ᠲᠠᠢ ᠬᠤᠷᠰᠢᠬᠤ ᠬᠡᠯᠪᠡᠷᠢ ᠶᠢᠨ ᠡᠷᠴᠢᠮᠵᠢᠬᠦᠯᠦᠭᠰᠡᠨ ᠦᠢᠯᠡᠳᠪᠦᠷᠢᠯᠡᠯ ᠢ ᠰᠦᠪᠡᠭᠴᠢᠯᠡᠵᠦ᠂ | ᠲᠠᠷᠢᠶᠠᠴᠢᠨ ᠡᠷᠤᠭᠡ ᠶᠢᠨ ᠬᠤᠭᠤᠷᠣᠨᠳᠣᠬᠢ ᠬᠠᠮᠲᠤᠷᠠᠯᠴᠠᠭ᠎ᠠ᠂ ᠨᠡᠶᠢᠭᠡᠮᠴᠢᠯᠡᠭᠰᠡᠨ ᠦᠢᠡᠯᠴᠢᠯᠡᠭᠡ ᠪᠠᠷ ᠳᠠᠮᠵᠢᠭᠤᠯᠤᠨ | ᠥᠪᠡᠷ ᠤᠨ ᠦᠷᠳᠡᠭ ᠢ ᠪᠠᠭᠤᠷᠠᠭᠤᠯᠤᠨ ᠦᠷ᠎ᠠ ᠠᠰᠢᠭ ᠢ ᠨᠡᠮᠡᠭᠳᠡᠬᠦᠯᠵᠦ᠂ ᠲᠤᠰᠬᠤᠨ ᠤ ᠬᠠᠮᠳᠦ ᠨᠡᠶᠢᠳᠡ ᠪᠤᠯᠤᠨ | ᠲᠠᠷᠢᠶᠠᠴᠢᠳ ᠤᠨ ︽ᠬᠤᠤᠰ ᠨᠡᠮᠡᠭᠳᠡᠯ︾ ᠢ ᠠᠬᠢᠭᠤᠯᠬᠤ ᠬᠡᠷᠡᠭᠳᠡᠢ᠃ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢ | ᠤᠷᠳᠤᠳᠬᠠᠨ ᠲᠠᠭᠠᠭᠠᠴᠢᠯᠠᠭᠤᠯᠬᠤ ᠲᠤᠬᠠᠢ ᠨᠠᠮ ᠤᠨ ᠲᠥᠪ ᠬᠤᠷᠢᠶᠠᠨ ᠤ ᠲᠥᠷᠥ ᠶᠢᠨ ᠪᠣᠳᠣᠯᠭ᠎ᠠ ᠶᠢ ᠪᠣᠳᠠᠲᠠᠶ ᠪᠠᠷ | ᠣᠶᠢᠯᠠᠭᠠᠵᠤ᠂ ᠪᠣᠳᠠᠲᠠᠶ ᠪᠠᠷ ᠤᠬᠠᠭᠤᠯᠵᠤ᠂ ᠲᠠᠷᠢᠶᠠᠴᠢᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ ᠰᠠᠶᠢᠲᠤᠷ | ᠬᠠᠮᠠᠭᠠᠯᠠᠵᠤ᠂ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠬᠢᠬᠦ ᠬᠡᠷᠡᠭᠲᠡᠶ᠃ ᠨᠠᠮ ᠤᠨ ᠪᠠᠶᠢᠭᠤᠯᠤᠯᠲᠠ ᠪᠠᠷ | ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ | ᠲᠠᠶᠢᠴᠢᠨ ᠪᠠᠬᠢᠯᠡᠯᠲᠡ︾ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠲᠤᠤᠷᠵᠢᠯᠠᠭᠰᠠᠨ ᠬᠠᠮᠢᠶᠠᠷᠤᠯᠲᠠ ᠶᠢ ᠨᠠᠷᠢᠯᠢᠬᠵᠢᠭᠤᠯᠵᠤ᠂ ᠨᠠᠮ ᠤᠨ ᠰᠤᠷᠲᠠᠯ᠂ ᠵᠠᠰᠠᠭ ᠤᠨ | ᠰᠤᠷᠲᠠᠯ ᠢᠶᠠᠷ ᠲᠣᠰᠬᠤᠨ ᠤ ᠠᠷᠠᠳ ᠢ ᠲᠠᠶᠢᠴᠢᠯᠠᠨ ᠪᠣᠯᠪᠠᠰᠤᠨ ᠨᠤᠲᠤᠭ ᠤᠨ ᠰᠤᠷᠲᠠᠯ᠂ ᠨᠡᠶᠢᠭᠡᠮ ᠤᠨ ᠰᠤᠷᠲᠠᠯ ᠢ | ᠪᠤᠢ ᠪᠣᠯᠭᠠᠬᠤ ᠬᠡᠷᠡᠭᠲᠡᠢ᠃ ︽ᠪᠦᠳᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠵᠤ᠂ ᠤᠷᠳᠤ | ᠬᠤᠭᠤᠴᠠᠭ᠎ᠠ ᠪᠠᠷ ᠪᠦᠲᠦᠮᠵᠢᠲᠡᠢ ᠡᠵᠡᠩᠨᠡᠬᠦ︾ ᠶᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠳᠦᠭᠡᠨ ᠪᠠᠶᠢᠭᠤᠯᠤᠯᠲᠠ ᠶᠢᠨ ᠲᠥᠬᠦᠭᠡᠷᠦᠮᠵᠢ ᠶᠢ ᠰᠠᠶᠢᠲᠤᠷ ᠬᠠᠮᠢᠶᠠᠷᠤᠨ ᠰᠠᠶᠢᠲᠤᠷ ᠬᠠᠮᠠᠭᠠᠯᠠᠵᠤ᠂ ᠲᠠᠷᠢᠶᠠᠨ ᠤ | ᠤᠨᠠᠯᠳᠠ ᠶᠢ ᠨᠡᠮᠡᠭᠳᠡᠬᠦᠯᠵᠦ ᠦᠷ᠎ᠠ ᠠᠰᠢᠭ ᠢ ᠨᠡᠮᠡᠭᠳᠡᠬᠦᠯᠬᠦ ᠶᠢ ᠠᠬᠢᠭᠤᠯᠬᠤ ᠬᠡᠷᠡᠭᠲᠡᠢ ᠭᠡᠪᠡ᠃ ︵ᠰᠢᠨ ᠸᠧᠨ︶ |