ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠰᠢᠪᠠᠭᠤ ᠶᠢ ᠬᠠᠶᠢᠷᠠᠯᠠᠬᠤ ᠭᠠᠷᠠᠭ︾ ᠤᠨ ᠤᠬᠠᠭᠤᠯᠭ᠎ᠠ ᠬᠢᠪᠠ
ᠨᠡᠶᠢᠲᠡᠯᠡᠭᠰᠡᠨ ᠴᠠᠭ᠄
2025/4/23
     ᠣᠶᠢᠷ᠎ᠠ ᠳᠤ᠂ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠲᠡᠮᠡᠭᠡᠴᠢ ᠬᠠᠮᠠᠭᠠᠯᠠᠯᠲᠠ ᠶᠢᠨ ᠣᠷᠣᠨ ᠤ ᠣᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠳᠡᠮᠡᠭᠡᠴᠢ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠳᠡᠮᠡᠭᠡᠴᠢ ᠪᠠᠯᠭᠠᠰᠤᠨ ᠤ ᠭᠤᠣᠯ ᠰᠤᠷᠭᠠᠭᠤᠯᠢ ᠲᠠᠢ ᠬᠠᠮᠲᠤᠷᠠᠨ ︽ᠰᠢᠪᠠᠭᠤ ᠶᠢ ᠬᠠᠶᠢᠷᠠᠯᠠᠬᠤ ᠭᠠᠷᠠᠭ︾ ᠤᠨ ᠤᠬᠠᠭᠤᠯᠭ᠎ᠠ ᠶᠢᠨ ᠰᠢᠷᠢᠰ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃     ᠠᠵᠢᠯᠯᠠᠭ᠎ᠠ ᠳᠤ᠂ ᠠᠷᠠᠳ ᠤᠨ ᠴᠠᠭᠳᠠᠭ᠎ᠠ ᠤᠬᠠᠭᠤᠯᠭ᠎ᠠ ᠶᠢᠨ ᠰᠠᠮᠪᠠᠷ᠎ᠠ ᠭᠠᠷᠭᠠᠨ᠂ ᠤᠬᠠᠭᠤᠯᠭ᠎ᠠ ᠶᠢᠨ ᠳᠡᠪᠲᠡᠷ  ᠲᠠᠷᠬᠠᠭᠠᠬᠤ ᠪᠠᠷ ᠳᠠᠮᠵᠢᠭᠤᠯᠤᠨ᠂ ᠰᠤᠷᠤᠭᠴᠢᠳ ᠲᠤ ᠰᠢᠪᠠᠭᠤ ᠶᠢ ᠬᠠᠶᠢᠷᠠᠯᠠᠨ ᠬᠠᠮᠠᠭᠠᠯᠠᠬᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠰᠠᠨ ᠢᠶᠠᠷ ᠪᠠᠷᠠᠬᠤ ᠦᠭᠡᠢ ᠪᠠᠰᠠ ᠳᠡᠳᠡᠨᠡᠷ ᠤᠨ ᠪᠠᠶᠢᠭᠠᠯᠢ ᠲᠠᠢ ᠣᠶᠢᠷᠠᠲᠤᠨ᠂ ᠰᠢᠪᠠᠭᠤᠨ ᠤ ᠲᠥᠷᠥᠯ ᠢ ᠬᠠᠶᠢᠷᠠᠯᠠᠵᠤ᠂ ᠰᠢᠪᠠᠭᠤᠨ ᠤ ᠲᠥᠷᠥᠯ ᠤᠨ ᠬᠠᠮᠠᠭᠠᠯᠠᠯᠲᠠ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠪᠠ᠃ ᠲᠣᠰ ᠤᠳᠠᠭᠠᠨ ᠤ ᠠᠵᠢᠯᠯᠠᠭ᠎ᠠ ᠨᠢ ᠰᠤᠷᠤᠬᠴᠢᠳ ᠤᠨ ᠰᠢᠪᠠᠭᠤᠳ ᠢ ᠬᠠᠶᠢᠷᠠᠯᠠᠨ ᠬᠠᠮᠠᠭᠠᠯᠠᠬᠤ ᠤᠬᠠᠮᠰᠠᠷ ᠪᠠ ᠬᠠᠤᠯᠢ ᠶᠢ ᠵᠢᠷᠤᠮᠯᠠᠨ ᠬᠠᠤᠯᠢ ᠶᠢ ᠰᠠᠬᠢᠬᠤ ᠦᠵᠡᠯᠲᠡ ᠶᠢ ᠨᠡᠮᠡᠭᠳᠡᠬᠦᠯᠵᠦ᠂ ᠨᠡᠶᠢᠭᠡᠮ ᠨᠡᠶᠢᠲᠡ ᠶᠢᠨ ᠰᠢᠪᠠᠭᠤ ᠶᠢ ᠬᠠᠮᠠᠭᠠᠯᠠᠬᠤ ᠡᠩᠨᠡᠭᠡᠨ ᠳᠤ ᠤᠬᠠᠮᠰᠠᠷ ᠠᠴᠠ ᠪᠠᠨ ᠣᠷᠣᠯᠴᠠᠵᠤ᠂ ᠪᠣᠯᠪᠠᠰᠤᠨ ᠰᠠᠶᠢᠬᠠᠨ ᠠᠮᠢ ᠠᠬᠤᠢ ᠤᠷᠴᠢᠨ ᠳᠤᠭᠤᠷᠢᠨ ᠢ ᠪᠦᠳᠦᠭᠡᠨ ᠪᠠᠶᠢᠭᠤᠯᠬᠤ ᠶᠢ ᠤᠷᠢᠶᠠᠯᠠᠬᠰᠠᠨ ᠪᠠᠶᠢᠨ᠎ᠠ᠃     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠲᠦᠮᠡᠨ ᠪᠠ ᠰᠤᠷᠤᠭᠴᠢᠳ ᠤᠨ ᠠᠮᠢ ᠠᠬᠤᠶ ᠶᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠪᠥᠬᠦ ᠠᠷᠠᠳ ᠢᠶᠠᠷ ᠢᠶᠠᠨ ᠰᠢᠪᠠᠭᠤ ᠶᠢ ᠬᠠᠶᠢᠷᠠᠯᠠᠵᠤ ᠰᠢᠪᠠᠭᠤ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠲᠡᠮᠡᠭᠡᠴᠢ ᠬᠠᠮᠠᠭᠠᠯᠠᠯᠲᠠ ᠶᠢᠨ ᠣᠷᠣᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠳᠤ ᠣᠯᠠᠨ ᠲᠦᠮᠡᠨ ᠤ ᠰᠠᠭᠤᠷᠢ ᠶᠢ ᠪᠠᠲᠤ ᠴᠣᠭᠴᠠᠯᠠᠪᠠ᠃  ᠵᠸᠡᠭ ᠶᠠ ᠹᠡᠢ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号