| ᠣᠶᠢᠷ᠎ᠠ ᠳᠤ ᠮᠠᠨ ᠤ ᠤᠷᠤᠨ ︽︿ᠤᠮᠠᠷᠠᠲᠤ ᠬᠢᠯᠢ ᠶᠢ ᠮᠠᠨᠳᠤᠭᠤᠯᠬᠤ﹀ ᠦᠢᠯᠡᠰ ᠪᠤᠰᠬᠠᠬᠤ ᠦᠢᠯᠡᠴᠢᠯᠡᠭᠡᠨ ᠤ | ᠠᠵᠢᠯᠯᠠᠭ᠎ᠠ ᠥᠷᠨᠢᠭᠦᠯᠵᠦ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠳᠡᠮᠵᠢᠬᠦ ᠲᠤᠬᠠᠢ ᠮᠡᠳᠡᠭᠳᠡᠯ︾ ᠢ | ᠳᠠᠷᠤᠮᠠᠯᠯᠠᠨ ᠲᠠᠷᠬᠠᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠨᠤᠲᠤᠭ ᠲᠠᠭᠠᠨ ᠪᠤᠴᠠᠭᠰᠠᠨ ᠬᠥᠯᠥᠰᠦᠨ | ᠲᠠᠷᠢᠶᠠᠴᠢᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠲᠤ ᠠᠩᠬᠠᠷᠤᠯ ᠢᠶᠠᠨ | ᠲᠥᠪᠯᠡᠷᠡᠭᠦᠯᠵᠦ᠂ 7 ᠵᠦᠢᠯ ᠤᠨ ᠦᠢᠯᠡᠰ ᠪᠤᠰᠬᠠᠬᠤ ᠦᠢᠯᠡᠴᠢᠯᠡᠭᠡ ᠶᠢ ᠬᠡᠷᠡᠭᠵᠢᠭᠦᠯᠦᠨ᠂ ︽ᠦᠢᠯᠡᠰ ᠪᠤᠰᠬᠠᠬᠤ | ᠪᠣᠯᠪᠠᠰᠤᠷᠠᠯ᠂ ᠦᠢᠯᠡᠰ ᠪᠤᠰᠬᠠᠬᠤ ᠦᠢᠯᠡᠴᠢᠯᠡᠭᠡ᠂ ᠦᠢᠯᠡᠰ ᠪᠤᠰᠬᠠᠬᠤ ᠨᠡᠪᠴᠢᠭᠦᠯᠦᠯᠲᠡ᠂ ᠦᠢᠯᠡᠰ ᠪᠤᠰᠬᠠᠬᠤ | ᠠᠵᠢᠯᠯᠠᠭ᠎ᠠ︾ ᠶᠢᠨ ᠳᠥᠷᠪᠡᠨ ᠡᠭᠦᠳᠦᠯᠲᠡ ᠶᠢᠨ ᠬᠤᠯᠪᠤᠭᠠᠯᠠᠨ ᠳᠡᠮᠵᠢᠬᠦ ᠰᠢᠰᠲ᠋ᠧᠮ ᠢ ᠪᠥᠬᠦ ᠬᠦᠴᠦᠨ ᠢᠶᠠᠷ ᠢᠶᠠᠨ | ᠪᠠᠶᠢᠭᠤᠯᠵᠤ᠂ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠪᠥᠬᠦ ᠲᠠᠯ᠎ᠠ ᠪᠠᠷ ᠬᠥᠭᠵᠢᠭᠡᠨ᠂ ᠴᠢᠨᠠᠷ ᠰᠠᠶᠢᠲᠠᠢ | ᠠᠵᠢᠯ ᠣᠯᠭᠤᠯᠲᠠ ᠳᠤ ᠬᠦᠴᠦᠨ ᠨᠡᠮᠡᠷᠢᠯᠡᠨ᠎ᠡ ᠭᠡᠵᠦ ᠲᠣᠳᠣᠷᠬᠠᠢ ᠲᠣᠭᠲᠠᠭᠠᠪᠠ᠃ ᠠᠵᠢᠯᠯᠠᠭ᠎ᠠ ᠨᠢ 12 ᠰᠠᠷ᠎ᠠ ᠶᠢᠨ | ᠰᠡᠭᠦᠯᠴᠢ ᠪᠣᠯᠲᠠᠯ᠎ᠠ ᠦᠷᠭᠦᠯᠵᠢᠯᠡᠨ᠎ᠡ᠃ | ᠣᠶᠢᠯᠠᠭᠠᠭᠰᠠᠨ ᠢᠶᠠᠷ᠂ 7 ᠵᠦᠢᠯ ᠤᠨ ᠦᠢᠯᠡᠰ ᠪᠤᠰᠬᠠᠬᠤ ᠦᠢᠯᠡᠴᠢᠯᠡᠭᠡ ᠨᠢ ᠲᠣᠰ ᠲᠤᠰ ᠤᠬᠠᠭᠤᠯᠭ᠎ᠠ ᠶᠢᠨ | ᠵᠢᠭᠰᠠᠭᠠᠯ ᠪᠠᠶᠢᠭᠤᠯᠬᠤ᠂ ᠦᠢᠯᠡᠰ ᠪᠤᠰᠬᠠᠬᠤ ᠶᠢ ᠵᠢᠯᠤᠭᠤᠳᠬᠤ ᠲᠤᠰᠬᠠᠢ ᠮᠡᠷᠭᠡᠵᠢᠯᠲᠡᠨ ᠲᠣᠭᠤᠷᠢᠨ ᠣᠨᠣᠰᠢᠯᠠᠯᠲᠠ᠂ | ︽ᠰᠠᠶᠢᠨ ᠡᠬᠢ ᠰᠤᠷᠪᠤᠯᠵᠢ ᠠᠴᠠ ᠰᠠᠶᠢᠨ ᠦᠢᠯᠡᠰ ᠪᠤᠰᠬᠠᠬᠤ︾ ᠡᠬᠢ ᠪᠠᠶᠠᠯᠢᠭ ᠤᠨ ᠵᠣᠯᠭᠠᠭᠤᠯᠤᠯᠲᠠ᠂ ︽ | ᠵᠢᠭᠡᠯᠡᠯᠭᠡ ᠪᠠᠷ ᠦᠢᠯᠡᠰ ᠪᠤᠰᠬᠠᠬᠤ ᠶᠢ ᠳᠡᠮᠵᠢᠬᠦ︾ ᠰᠢᠷᠢᠰ ᠠᠵᠢᠯᠯᠠᠭ᠎ᠠ᠂ ᠦᠢᠯᠡᠰ ᠪᠤᠰᠬᠠᠬᠤ ᠲᠥᠷᠥᠯ ᠵᠦᠢᠯ ᠤᠨ | ᠦᠵᠡᠭᠦᠯᠦᠯᠲᠡ᠂ ᠦᠢᠯᠡᠰ ᠪᠤᠰᠬᠠᠬᠤ ᠪᠣᠯᠪᠠᠰᠤᠷᠠᠯ ᠤᠨ ᠪᠠᠭᠰᠢ ᠶᠢᠨ ᠡᠩᠨᠡᠭᠡᠨ ᠤ ᠰᠣᠯᠢᠯᠴᠠᠭ᠎ᠠ᠂ ᠣᠷᠣᠨ | ᠪᠦᠰᠡ ᠶᠢᠨ ᠦᠢᠯᠡᠰ ᠪᠤᠰᠬᠠᠬᠤ ᠬᠤᠯᠪᠣᠭᠠᠯᠠᠯ ᠢ ᠴᠤᠬᠴᠠᠯᠠᠬᠤ ᠵᠡᠷᠭᠡ ᠪᠣᠯᠣᠨ᠎ᠠ᠃ ᠪᠣᠳᠠᠲᠠᠢ ᠪᠠᠷ ᠬᠡᠯᠡᠪᠡᠯ᠄ ᠤᠬᠤᠷ | ᠸᠢᠳᠢᠤ᠋᠂ ᠬᠠᠮ ᠵᠠᠭᠤᠴᠢᠯᠠᠭᠤᠷ ᠵᠡᠷᠭᠡ ᠰᠢᠨ᠎ᠡ ᠶᠢ ᠡᠭᠦᠳᠬᠦ ᠬᠡᠯᠪᠡᠷᠢ ᠶᠢ ᠠᠰᠢᠭᠯᠠᠨ ᠲᠥᠷᠥ ᠶᠢᠨ ᠪᠣᠳᠣᠯᠭ᠎ᠠ ᠶᠢᠨ | ᠮᠡᠳᠡᠭᠡ ᠵᠠᠩᠭᠢ ᠶᠢ ᠨᠠᠩ ᠠᠮᠢᠳᠤᠯᠢᠭ ᠲᠥᠬᠦᠮ ᠠᠷᠭ᠎ᠠ ᠮᠠᠶ᠋ᠢᠭ ᠢᠶᠠᠷ ᠦᠢᠯᠡᠰ ᠪᠤᠰᠬᠠᠬᠴᠢᠳ ᠲᠤ ᠭᠦᠷᠭᠡᠵᠦ᠂ | ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠪᠠ ᠬᠠᠮᠤᠷᠬᠤ ᠬᠡᠪᠴᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ︔ | 12 ᠠᠶᠢᠮᠠᠭ ᠬᠤᠲᠠ ᠳᠤ ᠦᠢᠯᠡᠰ ᠪᠤᠰᠬᠠᠬᠤ ᠲᠤᠰᠬᠠᠢ ᠮᠡᠷᠭᠡᠵᠢᠯᠲᠡᠨ ᠢ ᠭᠦᠨᠵᠡᠭᠡᠶᠢᠷᠡᠭᠦᠯᠦᠨ ︽ᠠᠰ ᠠᠰ ᠲᠤᠨᠢ︾ | ᠭᠦᠨᠵᠡᠭᠡᠢ ᠬᠠᠪᠰᠤᠷᠤᠨ ᠲᠡᠳᠬᠦᠬᠦ ᠠᠵᠢᠯ ᠥᠷᠨᠢᠭᠦᠯᠵᠦ᠂ ᠦᠢᠯᠡᠰ ᠪᠤᠰᠬᠠᠬᠴᠢᠳ ᠲᠤ ᠨᠢᠭᠤᠷᠳᠠᠭᠰᠠᠨ᠂ | ᠬᠠᠨᠳᠤᠯᠭᠠᠲᠤ ᠴᠢᠨᠠᠷᠲᠠᠢ ᠲᠤᠰᠬᠠᠢ ᠵᠢᠯᠣᠭᠤᠳᠤᠯᠭ᠎ᠠ ᠬᠠᠩᠭᠠᠨ᠎ᠠ︔ ᠦᠢᠯᠡᠰ ᠪᠤᠰᠬᠠᠬᠴᠢᠳ ᠤᠨ ᠲᠠᠯᠠᠪᠤᠷ ᠭᠠᠵᠠᠷ᠂ | ᠪᠡᠯᠡ ᠮᠥᠩᠭᠦ᠂ ᠵᠠᠬ᠎ᠠ ᠳᠡᠯᠭᠡᠭᠦᠷ ᠵᠡᠷᠭᠡ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠵᠤ᠂ | ᠡᠯ᠎ᠡ ᠵᠦᠢᠯ ᠤᠨ ᠦᠢᠯᠡᠰ ᠪᠤᠰᠬᠠᠬᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ | ᠪᠥᠬᠦ ᠬᠦᠴᠦᠨ ᠢᠶᠠᠷ ᠠᠬᠢᠭᠤᠯᠤᠨ᠎ᠠ︔ ᠵᠢᠭᠡᠯᠡᠭᠦ ᠵᠢᠭᠡᠯᠡᠯᠭᠡ ᠶᠢᠨ ᠱᠠᠭᠠᠷᠳᠠᠯᠭ᠎ᠠ ᠶᠢ ᠳᠣᠷᠣᠭᠰᠢᠯᠠᠭᠤᠯᠬᠤ᠂ | ᠢᠲᠡᠭᠡᠮᠵᠢ ᠶᠢᠨ ᠵᠢᠭᠡᠯᠡᠯᠭᠡ ᠣᠯᠭᠤᠬᠤ ᠲᠤᠭ᠎ᠠ ᠬᠡᠮᠵᠢᠶ᠎ᠡ ᠶᠢ ᠳᠡᠭᠡᠭᠰᠢᠯᠡᠭᠦᠯᠬᠦ᠂ ᠪᠠᠩᠬᠢ ᠠᠵᠤ ᠠᠬᠤᠶᠢᠯᠠᠯ ᠢ | ᠵᠣᠯᠭᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠦᠢᠯᠡᠰ ᠪᠤᠰᠬᠠᠬᠴᠢᠳ ᠲᠤ ᠪᠡᠯᠡ ᠮᠥᠩᠭᠦ ᠶᠢᠨ ᠥᠮᠥᠭ ᠲᠦᠰᠢᠭ ᠬᠠᠩᠭᠠᠨ᠎ᠠ︔ ᠲᠥᠷᠥᠯ | ᠵᠦᠢᠯ ᠢ ᠬᠥᠷᠥᠩᠭᠡ᠂ ᠵᠠᠬ᠎ᠠ ᠳᠡᠯᠭᠡᠭᠦᠷ ᠯᠦᠭᠡ ᠭᠦᠨᠴᠡ ᠲᠠᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠠᠵᠤ | ᠦᠢᠯᠡᠰ ᠤᠨ ᠰᠢᠨ᠎ᠡ ᠶᠢ ᠡᠭᠦᠳᠦᠨ ᠲᠠᠰ ᠳᠡᠪᠰᠢᠬᠦ ᠶᠢ ᠠᠬᠢᠭᠤᠯᠤᠨ᠎ᠠ︔ ᠵᠡᠭᠦᠨ ᠪᠠᠷᠠᠭᠤᠨ ᠬᠡᠰᠡᠭ ᠤᠨ ᠭᠠᠵᠠᠷ | ᠣᠷᠣᠨ ᠳᠤ ᠦᠢᠯᠡᠰ ᠪᠤᠰᠬᠠᠬᠤ ᠪᠣᠯᠪᠠᠰᠤᠷᠠᠯ ᠤᠨ ᠪᠠᠭᠰᠢ ᠶᠢᠨ ᠡᠩᠨᠡᠭᠡᠨ ᠤ ᠰᠣᠯᠢᠯᠴᠠᠭᠠᠨ ᠤ ᠠᠵᠢᠯᠯᠠᠭ᠎ᠠ ᠶᠢ | ᠥᠷᠨᠢᠭᠦᠯᠵᠦ᠂ ᠲᠤᠰᠬᠠᠶᠢᠵᠢᠭᠰᠠᠨ᠂ ᠥᠨᠳᠥᠷ ᠬᠢᠷᠢ ᠲᠦᠪᠰᠢᠨ ᠲᠠᠢ ᠮᠢᠩᠭᠠᠨ ᠪᠠᠭᠰᠢ ᠶᠢᠨ ᠡᠩᠨᠡᠭᠡ ᠶᠢ | ᠪᠤᠶᠢᠵᠢᠭᠤᠯᠤᠨ᠎ᠠ︔ ᠡᠯ᠎ᠡ ᠭᠠᠵᠠᠷ ᠤᠨ ᠦᠢᠯᠡᠰ ᠪᠤᠰᠬᠠᠬᠤ ᠡᠬᠢ ᠪᠠᠶᠠᠯᠢᠭ ᠢ ᠬᠠᠮᠲᠤᠪᠠᠷ ᠭᠥᠷᠳᠡᠬᠦ ᠪᠠ | ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠵᠤ᠂ ︽ᠨᠢᠭᠡ ᠭᠠᠵᠠᠷ ᠲᠤ ᠨᠢᠭᠡ ᠣᠨᠴᠠᠯᠢᠬᠳᠤ︾ | ᠦᠢᠯᠡᠰ ᠪᠤᠰᠬᠠᠬᠤ ᠲᠦᠷᠦᠯ ᠲᠡᠮᠳᠡᠭ ᠢ ᠪᠣᠶ ᠪᠣᠯᠭᠠᠨ᠎ᠠ᠃ | |