ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2025/4/24
    4 ᠰᠠᠷ᠎ᠠ ᠶᠢᠨ 22 ᠤᠨ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠵᠡᠷᠭᠡ ᠳᠥᠷᠪᠡᠨ ᠶᠡᠭᠡ ᠪᠠᠭ ᠤᠨ ᠤᠳᠤᠷᠢᠳᠬᠤ ᠨᠥᠬᠦᠳ ᠠᠯᠪᠠᠨ ᠵᠢᠷᠤᠮ ᠤᠨ ᠮᠣᠳᠣ ᠳᠠᠷᠢᠬᠤ ᠭᠠᠵᠠᠷ ᠢᠶᠠᠷ ᠬᠦᠷᠴᠦ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠲᠠᠢ ᠬᠠᠮᠲᠤ ᠪᠠᠷ 2025 ᠣᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃ ᠮᠣᠳᠣ ᠲᠠᠷᠢᠬᠤ ᠲᠤᠬᠠᠢ ᠶᠢᠨ ᠲᠠᠯᠠᠪᠠᠢ ᠳᠤ ᠬᠦᠷᠦᠮᠡᠭᠴᠡ᠂ ᠬᠤᠰᠢᠭᠤᠨ ᠤ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠺᠠᠳ᠋ᠷ ᠤᠯᠠᠨ ᠲᠦᠮᠡᠨ ᠲᠠᠢ ᠬᠠᠮᠲᠤ ᠲᠡᠮᠦᠷ ᠬᠦᠷᠵᠡ ᠪᠠᠷ ᠰᠢᠷᠣᠢ ᠮᠠᠯᠲᠠᠵᠤ᠂ ᠴᠢᠬᠢ ᠮᠤᠳᠤ ᠰᠠᠭᠤᠯᠭᠠᠵᠤ᠂ ᠰᠠᠭᠤᠯᠠᠭ᠎ᠠ ᠳᠡᠭᠦᠵᠢᠯᠡᠨ ᠴᠢᠬᠢ ᠮᠤᠳᠤ ᠪᠠᠨ ᠤᠰᠤᠯᠠᠪᠠ᠃ ᠮᠣᠳᠣ ᠳᠠᠷᠢᠬᠤ ᠶᠠᠪᠤᠴᠠ ᠳᠤ᠂ ᠴᠢ ᠯᠢᠨ ᠡᠨᠡ ᠵᠢᠯ ᠤᠨ ᠪᠥᠬᠦ ᠬᠤᠰᠢᠭᠤᠨ ᠤ ᠮᠣᠳᠣ ᠳᠠᠷᠢᠵᠤ ᠣᠶᠢᠵᠢᠭᠤᠯᠬᠤ ᠠᠵᠢᠯ ᠤᠨ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠦᠨᠳᠦᠷᠴᠡ ᠠᠴᠠ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠨ ᠦᠢᠯᠡᠳᠦᠯᠭᠡᠵᠢᠭᠦᠯᠵᠦ᠂ ᠣᠳᠣᠬᠠᠨ ᠤ ᠮᠣᠳᠣ ᠳᠠᠷᠢᠵᠤ ᠣᠶᠢᠵᠢᠭᠤᠯᠬᠤ ᠰᠢᠵᠢᠷ ᠠᠯᠲᠠᠨ ᠴᠠᠭ ᠲᠣᠬᠢᠶᠠᠯ ᠢ ᠠᠮᠵᠢᠨ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠭᠦᠨᠵᠡᠭᠡᠶ ᠠᠬᠢᠭᠤᠯᠬᠤ ᠬᠡᠷᠡᠭᠲᠡᠶ᠃ ᠣᠶ ᠰᠢᠭᠤᠢ ᠶᠢᠨ ᠳᠠᠷᠤᠭ᠎ᠠ ᠶᠢᠨ ᠳᠦᠷᠢᠮ ᠢᠶᠠᠷ ᠭᠠᠷᠳᠠᠴᠠ ᠪᠣᠯᠭᠠᠵᠤ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠶᠢᠲᠤ ᠭᠠᠵᠠᠷ ᠨᠢᠭᠡᠪᠦᠷᠢ ᠶᠢ ᠴᠥᠮ ᠬᠠᠮᠢᠶᠠᠷᠴᠤ ᠬᠠᠮᠠᠭᠠᠯᠠᠬᠤ ᠬᠥᠮᠥᠨ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ︽ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ᠂ ᠨᠣᠭᠤᠭᠠᠷᠠᠭᠤᠯᠤᠯᠲᠠ ᠶᠢ  ᠪᠠᠶᠢᠩᠭᠤᠵᠢᠭᠤᠯᠬᠤ︾ ᠬᠠᠮᠵᠢᠯᠴᠠᠨ ᠬᠥᠭᠵᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠦᠢᠯᠡᠰ ᠤᠨ ᠠᠮᠢ ᠠᠬᠤᠢᠢᠵᠢᠯᠳᠠ᠂ ᠠᠮᠢ ᠠᠬᠤᠢ ᠶᠢᠨ ᠠᠵᠤ ᠦᠢᠯᠡᠰᠵᠢᠯᠳᠠ ᠶᠢ ᠠᠬᠢᠭᠤᠯᠬᠤ ᠬᠡᠷᠡᠭᠲᠡᠢ ᠭᠡᠵᠠᠢ᠃ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠭᠨ ᠰᠢᠷᠭᠠᠭᠤ ᠬᠥᠳᠡᠯᠮᠦᠷᠢ ᠪᠠᠷ ᠢᠶᠠᠨ 4000 ᠰᠠᠭᠤᠷᠢ ᠠᠵᠤ ᠠᠬᠤᠢ ᠶᠢᠨ ᠦᠨ᠎ᠡ ᠥᠷᠲᠡᠭ ᠲᠠᠢ ᠪᠦᠭᠡᠳ ᠣᠷᠴᠢᠨ ᠲᠣᠭᠤᠷᠢᠨ ᠢ ᠭᠤᠶᠤᠵᠢᠭᠤᠯᠬᠤ ᠬᠤᠤᠰ ᠦᠷ᠎ᠡ ᠠᠰᠢᠭ ᠲᠠᠢ ᠰᠢᠳ ᠭᠦᠢᠯᠡᠰᠤᠨ ᠤ ᠵᠤᠯᠵᠠᠭ᠎ᠠ ᠮᠣᠳᠣ ᠶᠢ ᠰᠠᠭᠤᠯᠭᠠᠵᠤ᠂ ᠬᠠᠪᠤᠷ ᠤᠨ ᠡᠬᠢᠨ ᠤ ᠡᠬᠡ ᠭᠠᠵᠠᠷ  ᠲᠤ ᠨᠣᠭᠤᠭᠠᠨ ᠦᠩᠭᠡ ᠨᠡᠮᠡᠷᠢᠯᠡᠭᠰᠡᠨ ᠪᠠᠶᠢᠨ᠎ᠠ᠃ ᠡᠨᠡ ᠵᠢᠯ᠂ ᠵᠠᠯᠠᠶᠢᠳ ᠬᠤᠰᠢᠭᠤᠨ ᠤ ᠤᠶᠢᠵᠢᠭᠤᠯᠤᠯᠳᠠ ᠨᠢ ᠠᠵᠤ ᠠᠬᠤᠢ ᠶᠢᠨ ᠣᠢ ᠪᠠᠷ ᠬᠥᠭᠵᠢᠯᠲᠡ ᠶᠢᠨ ᠴᠢᠭᠯᠡᠯ ᠪᠣᠯᠭᠠᠵᠤ᠂ 1.5 ᠲᠦᠮᠡᠨ ᠮᠦ ᠮᠣᠩᠭᠤᠯ ᠰᠢᠳ ᠭᠦᠢᠯᠡᠰᠤᠨ ᠤ ᠵᠢᠱᠢᠶ᠎ᠡ ᠦᠵᠡᠭᠦᠯᠬᠦ ᠬᠦᠷᠢᠶᠡᠯᠠᠩ ᠢ ᠪᠠᠬᠢᠵᠢᠭᠦᠯᠦᠨ ᠲᠡᠭᠡᠭᠰᠢᠯᠡᠬᠦᠯᠬᠦ ᠪᠦᠲᠦᠭᠡᠨ ᠪᠠᠢᠭᠤᠯᠤᠯᠲᠠ ᠶᠢᠨ ᠲᠥᠷᠥᠯ ᠵᠦᠢᠯ ᠢ ᠥᠷᠨᠢᠭᠦᠯᠵᠦ᠂ 19 ᠠᠶᠢᠯ ᠲᠤᠰᠬᠤᠨ ᠢ ᠨᠣᠭᠤᠭᠠᠷᠠᠭᠤᠯᠬᠤ ᠪᠣᠯᠤᠨ᠎ᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号