| ᠡᠨᠡ ᠵᠢᠯ ᠠᠴᠠ ᠨᠠᠭᠠᠰᠢ᠂ ᠬᠢᠩᠭᠠᠨ ᠠᠶᠢᠮᠠᠭ ᠤᠨ ᠵᠠᠯᠠᠶᠢᠳ ᠬᠤᠰᠢᠭᠤ ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠲᠦᠷᠦ ᠶᠢᠨ ᠪᠤᠳᠤᠯᠭ᠎ᠠ ᠪᠠᠷ ᠲᠡᠳᠬᠦᠬᠦ᠂ ᠠᠷᠭ᠎ᠠ ᠵᠠᠮ ᠢ ᠥᠷᠭᠡᠳᠭᠡᠬᠦ᠂ | ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠠ ᠪᠠᠷ ᠳᠠᠮᠵᠢᠭᠤᠯᠤᠨ᠂ ᠠᠵᠢᠯ ᠣᠯᠭᠤᠬᠤ ᠪᠠ ᠦᠢᠯᠡᠰ | ᠪᠤᠰᠬᠠᠬᠤ ᠶᠢ ᠪᠣᠰᠤᠭ᠎ᠠ ᠴᠤᠬᠴᠠᠵᠢᠭᠤᠯᠤᠬᠰᠠᠨ ᠲᠤᠯᠭᠠᠭᠤᠷᠢᠯᠠᠯ ᠤᠨ ᠰᠢᠰᠲ᠋ᠧᠮ ᠢ ᠪᠠᠶᠢᠭᠤᠯᠪᠠ᠃ 4 ᠰᠠᠷ᠎ᠠ ᠶᠢᠨ | ᠡᠬᠢ ᠪᠣᠯᠲᠠᠯ᠎ᠠ᠂ ᠪᠥᠬᠦ ᠬᠤᠰᠢᠭᠤᠨ ᠤ ᠬᠤᠲᠠ ᠪᠠᠯᠭᠠᠰᠤᠨ ᠤ 336 ᠬᠥᠮᠦᠨ ᠳᠤ ᠰᠢᠨ᠎ᠡ ᠪᠠᠷ ᠠᠵᠢᠯ ᠣᠯᠭᠤᠵᠤ᠂ | ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠭᠰᠠᠨ ᠳᠤᠭ᠎ᠠ 2.2 ᠲᠦᠮᠡᠨ ᠬᠦᠮᠦᠨ ᠤᠳᠠᠭ᠎ᠠ ᠶᠢ ᠳᠠᠪᠠᠵᠤ᠂ | 329 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠲᠠᠯᠪᠢᠵᠤ᠂ ᠠᠵᠢᠯ | ᠣᠯᠭᠤᠬᠤ ᠪᠠ ᠦᠢᠯᠡᠰ ᠪᠤᠰᠬᠠᠬᠤ ᠲᠤᠭ᠎ᠠ ᠬᠡᠮᠵᠢᠶ᠎ᠡ ᠪᠠ ᠴᠢᠨᠠᠷ ᠴᠢᠨᠰᠠᠭ᠎ᠠ ᠶᠢ ᠵᠡᠷᠭᠡ ᠪᠠᠷ ᠳᠡᠭᠡᠭᠰᠢᠯᠡᠭᠦᠯᠪᠡ᠃ | ᠲᠦᠷᠦ ᠶᠢᠨ ᠪᠤᠳᠤᠯᠭ᠎ᠠ ᠶᠢᠨ ᠬᠠᠮᠵᠢᠯᠴᠠᠭ᠎ᠠ ᠨᠢ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠭᠡᠪᠡ | ᠃ ᠵᠠᠯᠠᠶᠢᠳ ᠬᠤᠰᠢᠭᠤ ᠣᠯᠠᠨ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ 65 | ᠬᠥᠮᠦᠨ ᠳᠤ 11.85 ᠲᠦᠮᠡᠨ ᠲᠥᠭᠦᠷᠢᠭ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ | ᠨᠥᠬᠦᠪᠥᠷᠢ ᠣᠯᠭᠤᠵᠤ᠂ 27 ᠠᠵᠤ ᠠᠬᠤᠶᠢᠯᠠᠯ ᠳᠤ 8.9 ᠲᠦᠮᠡᠨ ᠲᠥᠭᠦᠷᠢᠭ ᠤᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠨᠥᠬᠦᠪᠥᠷᠢ ᠮᠦᠡᠭᠭᠦ ᠶᠢ ᠤᠯᠭᠤᠨ᠂ 193 ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ᠃ | | ᠭᠤᠣᠯᠳᠠᠯᠭ᠎ᠠ ᠲᠠᠢ ᠭᠥᠮᠥᠰ ᠲᠤ ᠨᠠᠷᠢᠯᠢᠭ ᠣᠨᠣᠴᠠᠲᠠᠶ ᠪᠠᠷ ᠦᠢᠯᠡᠴᠢᠯᠠᠪᠡ᠃ ︽ᠴᠡᠭ ᠠᠴᠠ ᠴᠡᠭ ᠲᠤ | ᠬᠦᠷᠭᠡᠬᠦ︾ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠶᠢ ᠲᠥᠪᠬᠢᠨᠡᠭᠦᠯᠬᠦ᠂ ᠤᠨᠴᠠᠯᠢᠭᠳᠤ ᠤᠷᠢᠬᠤ ᠠᠵᠢᠯᠯᠠᠭ᠎ᠠ ᠵᠡᠷᠭᠡ ᠠᠷᠭ᠎ᠠ ᠵᠠᠮ ᠢᠶᠠᠷ | ᠳᠠᠮᠵᠢᠭᠤᠯᠤᠨ᠂ ᠠᠮᠢᠳᠤᠷᠠᠯ ᠨᠢ ᠬᠦᠴᠢᠷᠳᠡᠯ ᠲᠠᠢ 118 ᠬᠥᠮᠦᠡ ᠳᠤ ᠲᠠᠬᠢᠨ ᠠᠵᠢᠯ ᠣᠯᠭᠤᠬᠤ ᠶᠢ ᠪᠡᠶᠡᠯᠡᠭᠦᠯᠵᠦ᠂ | ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 182 ᠤᠶᠤᠳᠠᠨ ᠳᠤ ᠠᠵᠢᠯ ᠤᠯᠬᠤ ᠬᠠᠨᠳᠤᠰᠢ ᠶᠢ | ᠨᠠᠶᠢᠳᠠᠪᠤᠷᠢᠵᠢᠭᠤᠯᠪᠠ︔ ︽ᠬᠥᠳᠡᠭᠡ ᠲᠣᠰᠬᠤᠨ ᠤ ᠠᠵᠢᠯ ᠣᠯᠭᠤᠯᠲᠠ ᠶᠢᠨ ᠶᠡᠭᠡ ᠴᠤᠭᠯᠠᠭᠠᠨ︾ ᠵᠡᠷᠭᠡ 47 | ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠶᠢ ᠡᠷᠭᠢᠯᠡᠵᠦ᠂ 7422 ᠠᠵᠢᠯ ᠤᠨ ᠪᠠᠶᠢᠷᠢ ᠬᠠᠩᠭᠠᠵᠠᠢ᠃ | ᠤᠷ᠎ᠠ ᠴᠢᠳᠠᠪᠤᠷᠢ ᠶᠢᠨ ᠪᠣᠯᠪᠠᠰᠤᠷᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠤᠨ᠎ᠠ᠃ ᠵᠠᠬ᠎ᠠ | ᠳᠡᠯᠭᠡᠭᠦᠷ ᠤᠨ ᠬᠡᠷᠡᠭᠴᠡᠭᠡ ᠳᠤ ᠰᠠᠭᠤᠷᠢᠯᠠᠨ᠂ ᠡᠬᠡ ᠨᠢᠯᠬᠠᠰ ᠤᠨ ᠰᠤᠪᠢᠯᠠᠯᠲᠠ᠂ ᠤᠨᠴᠠᠯᠢᠬᠳᠤ ᠢᠳᠡᠭᠡᠨ ᠦᠢᠯᠡᠳᠬᠦ | ᠵᠡᠷᠭᠡ 16 ᠤᠳᠠᠭᠠᠨ ᠤ ᠪᠣᠯᠪᠠᠰᠤᠷᠠᠯ ᠦᠷᠨᠢᠬᠦᠯᠵᠤ᠂ 754 ᠬᠥᠮᠦᠨ ᠢ ᠬᠠᠮᠤᠷᠪᠠ᠃ ᠠᠳᠠᠯ ᠦᠢᠯᠡᠰ ᠴᠣᠭᠴᠠᠯᠠᠬᠤ | ᠪᠣᠯᠪᠠᠰᠤᠷᠠᠯ ᠤᠨ ᠠᠩᠭᠢ ᠶᠢ 5 ᠬᠤᠭᠤᠴᠠᠭ᠎ᠠ ᠡᠷᠭᠢᠯᠡᠵᠦ᠂ 150 ᠠᠳᠠᠯ ᠦᠢᠯᠡᠰ ᠴᠣᠭᠴᠠᠯᠠᠭᠴᠢ ᠳᠤ ᠠᠰᠢᠭ | ᠬᠦᠷᠲᠡᠭᠡᠪᠡ᠃ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠦᠢᠯᠡᠰ ᠪᠤᠰᠬᠠᠬᠤ ᠰᠠᠭᠤᠷᠢᠨ | ᠭᠠᠵᠠᠷ ᠲᠤ ᠲᠦᠰᠢᠭᠯᠡᠨ᠂ ᠡᠯᠧᠺᠲᠷᠣᠨ ᠬᠤᠳᠠᠯᠳᠤᠭᠠᠨ ᠤ ᠦᠢᠯᠡᠰ ᠪᠤᠰᠬᠠᠬᠤ ᠪᠣᠯᠪᠠᠰᠤᠷᠠᠯ ᠢ ᠡᠷᠬᠢᠯᠡᠵᠦ᠂ 30 | ᠮᠠᠯᠴᠢᠨ ᠲᠠᠷᠢᠶᠠᠴᠢᠨ ᠪᠣᠯᠤᠨ 10 ᠡᠯᠧᠺᠲᠷᠣᠨ ᠬᠤᠳᠠᠯᠳᠤᠭᠠᠨ ᠤ ᠠᠵᠢᠯᠯᠠᠭᠴᠢ ᠶᠢ ᠣᠷᠣᠯᠴᠠᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠠᠢ᠃ | ᠦᠢᠯᠡᠴᠢᠯᠡᠭᠡᠨ ᠤ ᠰᠢᠰᠲ᠋ᠧᠮ ᠢ ᠪᠦᠬᠦ ᠬᠦᠷᠢᠶᠡᠨ ᠳᠤ ᠪᠦᠷᠬᠦᠭᠦᠯᠬᠦ ᠶᠢ ᠪᠡᠶᠡᠯᠡᠭᠦᠯᠪᠡ᠃ 14 ᠰᠢᠶᠠᠩ ᠪᠠᠯᠭᠠᠰᠤ | ᠨᠡᠶᠢᠭᠡᠮ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡᠨ ᠤ ᠲᠣᠣᠷ ᠰᠦᠯᠵᠢᠶ᠎ᠡ ᠶᠢ | ᠪᠠᠶᠢᠭᠤᠯᠵᠤ᠂ ᠰᠤᠯᠠ ᠠᠵᠢᠯ ᠤᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠦᠨ᠂ | 1901 ᠵᠤᠷᠪᠤᠰ ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢ ᠨᠡᠶᠢᠲᠡᠯᠡᠵᠦ᠂ 845 ᠬᠥᠮᠦᠨ ᠳᠤ ᠠᠮᠢᠳᠤᠯᠢᠭ ᠢᠶᠠᠷ | ᠠᠵᠢᠯ ᠤᠯᠭᠤᠬᠤ ᠶᠢ ᠠᠬᠢᠭᠤᠯᠪᠠ᠃ ︽ᠢᠨᠲ᠋ᠧᠷ ᠰᠦᠯᠵᠢᠶ᠎ᠡ + ᠬᠥᠳᠡᠯᠮᠦᠷᠢ ᠶᠢᠨ ᠬᠠᠷᠢᠴᠠᠭ᠎ᠠ︾ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠢ ᠵᠢᠯᠣᠭᠤᠳᠤᠨ 2891 ᠬᠤᠪᠢ ᠡᠯᠧᠺᠲᠷᠣᠨ | ᠬᠥᠳᠡᠯᠮᠦᠷᠢ ᠶᠢᠨ ᠭᠡᠷ᠎ᠡ ᠲᠣᠭᠲᠠᠭᠠᠵᠤ᠂ 8 ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠵᠤ ᠠᠬᠤᠶᠢᠯᠠᠯ ᠤᠨ | ᠡᠪᠯᠡᠯ ᠪᠠᠶᠢᠭᠤᠯᠪᠡ᠃ ︵ᠰᠤᠨᠢᠨ︶ |