| 4 ᠰᠠᠷ᠎ᠠ ᠶᠢᠨ 2 ᠤᠨ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠴᠢ ᠯᠢᠨ | ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2025 ᠣᠨ ᠤ ᠶᠢᠰᠦᠳᠦᠭᠡᠷ ᠤᠳᠠᠭᠠᠨ ᠤ ᠬᠤᠷᠠᠯ ᠵᠢᠴᠢ | ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠬᠤᠶᠠᠳᠤᠭᠠᠷ ᠤᠳᠠᠭᠠᠨ ᠤ | ᠬᠤᠷᠠᠯ᠂ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ | ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠳᠤᠷ | ᠰᠤᠷᠤᠯᠴᠠᠨ ᠣᠶᠢᠯᠠᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ | ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠬᠤ ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠶᠢ | ᠴᠢᠩᠭᠠᠳᠬᠠᠵᠤ᠂ ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠬᠥᠭᠵᠢᠯᠲᠡ ᠶᠢᠨ ᠣᠷᠣᠨ ᠵᠠᠢ ᠶᠢ ᠥᠷᠭᠡᠳᠬᠡᠬᠦ | ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ | ᠰᠠᠶᠢᠲᠠᠢ ᠬᠥᠭᠵᠢᠯᠲᠡ ᠶᠢ ᠲᠠᠶᠢᠴᠢᠯᠡᠨ ᠳᠠᠭᠠᠭᠤᠯᠬᠤ ᠬᠡᠷᠡᠭᠲᠡᠢ ᠭᠡᠵᠠᠢ᠃ | ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠢᠶᠠᠨ ᠴᠢᠨᠠᠭᠰᠢᠳᠠ ᠴᠢᠩᠭᠠᠳᠬᠠᠵᠤ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ | ᠡᠭᠦᠷᠭᠡᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠪ ᠤᠨ ᠪᠠ ᠥᠪᠡᠷᠲᠡᠭᠡᠨ | ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠴᠢᠩᠭ᠎ᠠ ᠠᠩᠬᠠᠷᠴᠤ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠷᠳᠤ ᠬᠤᠭᠤᠴᠠᠭ᠎ᠠ ᠪᠦᠲᠦᠮᠵᠢᠲᠡᠢ ᠪᠠᠶᠢᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠠᠰᠠᠭᠤᠳᠠᠯ ᠢ ︽ᠪᠦᠬᠦᠨ ᠢ | ᠰᠢᠢᠳᠪᠦᠷᠢᠯᠡᠬᠦ︾ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠰᠠᠭᠤᠳᠠᠯ ᠢ ᠲᠦᠢᠯᠪᠤᠷᠢᠲᠠᠢ ᠰᠢᠢᠳᠪᠤᠷᠢᠯᠡᠬᠦ ᠶᠢ | ᠪᠠᠲᠤᠯᠠᠬᠤ ᠬᠡᠷᠡᠭᠲᠡᠢ ᠭᠡᠵᠠᠢ᠃ | ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠦᠪᠡᠷᠳᠡᠭᠡᠨ ᠵᠠᠰᠠᠬᠤ ᠤᠷᠤᠨ ᠤ | ᠲᠡᠷᠢᠭᠦᠯᠡᠭᠴᠢ ᠸᠠᠩ ᠯᠢ ᠰᠢᠶᠠ ᠶᠢᠨ ᠵᠠᠯᠠᠶᠢᠳ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ | ᠵᠢᠭᠠᠪᠤᠷᠢ ᠱᠠᠭᠠᠷᠳᠠᠯᠭ᠎ᠠ ᠶᠢ ᠰᠠᠶᠢᠳᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠥᠨᠳᠥᠷ ᠪᠠᠷᠢᠮᠵᠢᠶ᠎ᠠ᠂ | ᠴᠢᠨᠠᠷ ᠰᠠᠶᠢᠲᠠᠢ ᠪᠠᠶᠢᠬᠤ ᠶᠢ ᠪᠠᠷᠢᠮᠲᠠᠯᠠᠵᠤ᠂ ᠭᠠᠵᠠᠷ ᠰᠢᠷᠣᠢ ᠶᠢᠨ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢ | ᠤᠷᠲᠤᠳᠬᠠᠬᠤ ᠠᠵᠢᠯ ᠢ ᠯᠠᠪᠳᠠᠭᠤᠨ ᠪᠣᠯᠭᠤᠮᠵᠢᠲᠠᠢ ᠠᠬᠢᠭᠤᠯᠬᠤ ᠬᠡᠷᠡᠭᠲᠡᠢ᠃ ᠳᠡᠭᠡᠳᠦ ᠱᠠᠲᠤᠨ ᠤ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠢ ᠰᠠᠶᠢᠳᠤᠷ ᠪᠡᠶᠡᠯᠡᠭᠦᠯᠵᠦ᠂ ᠤᠢ ᠰᠢᠭᠤᠢ ᠨᠤᠳᠤᠭ ᠪᠡᠯᠴᠢᠭᠡᠷ ᠢ ᠡᠪᠳᠡᠬᠦ ᠠᠵᠢᠯᠯᠠᠭ᠎ᠠ ᠶᠢ ᠲᠤᠰᠬᠠᠢ | ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠦᠬᠦ ᠦᠶᠡᠯᠡᠯ ᠤᠨ | ᠬᠤᠭᠤᠴᠠᠭᠠᠨ ᠤ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠡᠯᠭᠡᠷᠡᠬᠦᠯᠤᠨ ᠬᠡᠷᠡᠭᠯᠡᠬᠦ ᠠᠵᠢᠯ ᠢ ᠦᠷᠭᠦᠯᠵᠢᠯᠡᠨ ᠠᠬᠢᠭᠤᠯᠵᠤ᠂ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠠᠢ᠃ | ᠬᠤᠷᠠᠯ ᠠᠴᠠ᠂ ᠶᠣᠰᠣ ᠳᠦᠷᠢᠮ ᠤᠨ ᠤᠬᠠᠮᠰᠠᠷ ᠢ ᠪᠠᠲᠤ ᠪᠤᠢ ᠪᠣᠯᠭᠠᠵᠤ᠂ ᠺᠠᠳ᠋ᠷ ᠤᠨ ᠲᠤᠰᠢᠶᠠᠯ | ᠬᠠᠷᠢᠭᠤᠴᠠᠯᠭ᠎ᠠ ᠪᠠᠨ ᠵᠢᠷᠤᠮᠵᠢᠭᠤᠯᠤᠨ ᠭᠦᠢᠴᠡᠳᠬᠡᠬᠦ ᠶᠢ ᠴᠢᠩᠭᠠᠳᠬᠠᠬᠤ ᠬᠡᠷᠡᠭᠲᠡᠢ᠃ ᠺᠠᠳ᠋ᠷ ᠢ ᠬᠥᠮᠦᠵᠢᠭᠦᠯᠦᠨ | ᠪᠣᠯᠪᠠᠰᠤᠷᠠᠭᠤᠯᠬᠤ ᠶᠢ ᠴᠢᠩᠭᠠᠳᠬᠠᠵᠤ᠂ ᠰᠣᠯᠢᠯᠴᠠᠭᠠᠨ ᠤ ᠠᠵᠢᠯ ᠢ ᠵᠢᠷᠤᠮᠵᠢᠭᠤᠯᠤᠨ ᠥᠷᠨᠢᠭᠦᠯᠬᠦ ᠬᠡᠷᠡᠭᠲᠡᠢ᠃ | ᠬᠥᠮᠦᠨ ᠰᠣᠩᠭᠤᠵᠤ ᠬᠥᠮᠦᠨ ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠺᠠᠳ᠋ᠷ ᠤᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠳᠣᠲᠣᠭᠠᠳᠤ ᠬᠥᠳᠡᠯᠭᠡᠬᠦ ᠬᠦᠴᠦᠨ ᠢ ᠳᠡᠭᠡᠭᠰᠢᠯᠡᠭᠦᠯᠬᠦ | ᠬᠡᠷᠡᠭᠲᠡᠶ ᠭᠡᠵᠠᠢ᠃ | ᠬᠤᠷᠠᠯ ᠠᠴᠠ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠱᠠᠯᠠᠪᠳᠠᠭᠤᠯᠤᠨ | ᠠᠬᠢᠭᠤᠯᠬᠤ ᠶᠢ ᠴᠢᠩᠭᠠᠳᠬᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ︽ᠳᠠᠷᠤᠭᠠᠰᠤ ᠶᠢ ᠬᠥᠩᠭᠡᠷᠡᠭᠦᠯᠬᠦ᠂ | ᠴᠢᠳᠠᠪᠤᠷᠢ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠱᠠᠯᠠᠪᠳᠠᠭᠤᠯᠬᠤ︾ ᠬᠠᠮᠢᠶ᠎ᠠ | ᠪᠦᠬᠦᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠵᠠᠰᠠᠯᠲᠠ ᠶᠢᠨ | ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠭᠡᠵᠠᠢ᠃ | ᠬᠤᠷᠠᠯ ᠠᠴᠠ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ | ᠲᠠᠯᠪᠢᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠨᠠᠮ ᠤᠨ | ᠪᠠᠶᠢᠭᠤᠯᠤᠯᠲᠠ ᠪᠠᠷ ᠬᠥᠭᠵᠢᠯᠲᠡ ᠶᠢ ᠲᠠᠶᠢᠴᠢᠯᠡᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ | ᠪᠠᠶᠢᠭᠤᠯᠤᠯᠲᠠ ᠶᠢ ︽ᠬᠤᠶᠠᠷ ᠶᠡᠭᠡ ᠶᠠᠪᠤᠳᠠᠯ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ | ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠬᠤᠷᠠᠯ ᠠᠴᠠ ᠪᠠᠰᠠ ᠪᠤᠰᠤᠳ ᠵᠤᠶᠢᠯᠡᠰ ᠢ ᠰᠤᠳᠤᠯᠵᠠᠢ᠃ | |