ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠨᠡᠶᠢᠭᠡᠮ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/30
    4 ᠰᠠᠷ᠎ᠠ ᠶᠢᠨ 29 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠨᠡᠶᠢᠭᠡᠮ ᠤᠨ ᠠᠵᠢᠯ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 3 ᠰᠤᠮᠤ ᠰᠢᠶᠠᠩ ᠪᠠᠯᠭᠠᠰᠤ᠂ ᠲᠥᠪ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠬᠤᠷᠠᠯ ᠳᠤ ᠣᠷᠣᠯᠴᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠲᠠᠪᠤᠨ ᠶᠡᠭᠡ ᠡᠭᠦᠷᠭᠡ ᠶᠢ ᠪᠡᠶᠡᠯᠡᠭᠦᠯᠵᠦ᠂ ᠵᠢᠷᠭᠤᠭᠠᠨ ᠢᠨᠵᠧᠨᠧᠷᠢᠩ ᠢ ᠬᠡᠷᠡᠭᠵᠢᠭᠦᠯᠵᠦ᠂ ᠵᠢᠷᠭᠤᠭᠠᠨ ᠠᠵᠢᠯᠯᠠᠭ᠎ᠠ ᠶᠢ ᠥᠷᠨᠢᠭᠦᠯᠬᠦ︾ ᠶᠢᠨ ᠲᠣᠭᠤᠷᠢᠨ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠢ ᠭᠦᠨᠵᠡᠭᠡᠢ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠪᠣᠯᠤᠨ ᠨᠡᠶᠢᠭᠡᠮ ᠤᠨ ᠠᠵᠢᠯᠳᠠᠨ ᠤ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠨᠡᠩ ᠰᠠᠶᠢᠨ ᠬᠠᠷᠢᠭᠤᠯᠲᠠ ᠥᠭᠴᠦ᠂ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠬᠡᠷᠡᠭᠲᠡᠢ᠃ ᠶᠡᠷᠦᠩᠬᠡᠶᠢᠯᠡᠨ ᠵᠠᠰᠠᠬᠤ ᠲᠥᠪ᠂ ᠬᠠᠮᠲᠤᠷᠠᠨ ᠬᠠᠤᠯᠢ ᠬᠡᠷᠡᠭᠵᠢᠭᠦᠯᠬᠦ ᠲᠥᠪ᠂ ᠨᠠᠮ ᠣᠯᠠᠨ ᠲᠦᠮᠡᠨ ᠤ  ᠠᠵᠢᠯ ᠤᠨ ᠦᠢᠯᠡᠴᠢᠯᠡᠭᠡᠨ ᠤ ᠲᠥᠪ ᠤᠨ ︽ᠭᠤᠷᠪᠠᠨ ᠲᠥᠪ︾ ᠤᠨ ᠥᠭᠡᠷᠡᠴᠢᠯᠡᠯᠲᠡ ᠶᠢ ᠪᠣᠳᠠᠲᠠᠶ ᠠᠳᠬᠤᠵᠤ᠂ ︽  ᠬᠦᠳᠡᠭᠡ ᠠᠵᠤ ᠠᠬᠤᠢ᠂ ᠬᠥᠳᠡᠭᠡ ᠲᠣᠰᠬᠤᠨ᠂ ᠠᠷᠠᠳ ᠤᠨ ᠠᠮᠢᠳᠤᠷᠠᠯ ᠤᠨ ᠦᠢᠯᠡᠰ᠂ ᠨᠡᠶᠢᠭᠡᠮ ᠤᠨ ᠵᠠᠰᠠᠯᠲᠠ︾ ᠶᠢᠨ ᠭᠤᠤᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠨᠢᠭᠡ ᠴᠤᠭᠴᠠᠵᠢᠭᠤᠯᠤᠨ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠠᠰ ᠤᠨ  ᠬᠤᠰᠢᠭᠤ ᠰᠢᠶᠠᠨ ᠤ ᠬᠡᠪᠴᠢᠶᠡᠨ ᠤ ᠦᠨᠳᠦᠰᠦᠨ ᠱᠠᠲᠤᠨ ᠤ ᠵᠠᠰᠠᠯᠲᠠ ᠶᠢᠨ ᠲᠤᠷᠰᠢᠯᠲᠠ ᠶᠢ ᠰᠠᠶᠢᠲᠤᠷ ᠠᠳᠬᠤᠵᠤ᠂ ︽ᠨᠠᠷᠢᠯᠢᠭ ᠣᠨᠣᠴᠠᠲᠠᠶ ᠪᠠᠷ ᠭᠠᠳᠠᠭᠰᠢᠯᠠᠭᠤᠯᠬᠤ᠂ ᠬᠤᠯᠪᠣᠭᠠᠯᠠᠨ ᠬᠥᠳᠡᠯᠦᠯᠴᠡᠵᠦ ᠳᠣᠭᠢᠷᠠᠭᠤᠯᠬᠤ᠂ ᠵᠤᠷᠰᠢᠯ ᠢᠶᠠᠷ ᠵᠥᠪᠳᠡᠯᠴᠡᠬᠦ︾ ᠠᠵᠢᠯ ᠤᠨ ᠠᠷᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号