ᠵᠠᠯᠠᠶᠢᠳ ᠬᠤᠰᠢᠭᠤ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2025/4/30
     4 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠵᠠᠯᠠᠶᠢᠳ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠶ ᠰᠡᠳᠦᠪᠲᠦ ᠨᠣᠮ ᠤᠩᠰᠢᠬᠤ ᠠᠩᠭᠢ ᠵᠢᠴᠢ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠡᠷᠭᠢᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠨᠣᠮ ᠤᠩᠰᠢᠬᠤ ᠠᠩᠭᠢ ᠨᠢ   ᠲᠠᠭᠠᠭᠤᠯᠤᠨ ᠤᠩᠰᠢᠵᠤ ᠳᠠᠭᠠᠭᠤᠯᠤᠨ ᠰᠤᠷᠤᠯᠴᠠᠬᠤ᠂ ᠬᠤᠪᠢ ᠬᠥᠮᠦᠨ ᠥᠪᠡᠷ ᠢᠶᠠᠨ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠲᠤᠰᠬᠠᠶ ᠰᠡᠳᠦᠪᠲᠦ ᠹᠢᠯᠢᠮ ᠦᠵᠡᠬᠦ ᠵᠡᠷᠭᠡ ᠬᠡᠯᠪᠡᠷᠢ ᠪᠠᠷ ᠶᠠᠪᠤᠭᠳᠠᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠠᠶᠢᠩᠭᠤ ᠰᠤᠷᠤᠯᠴᠠᠵᠤ ᠪᠠᠶᠢᠩᠭᠤ ᠰᠢᠨ᠎ᠡ ᠶᠢ ᠡᠭᠦᠳᠬᠦ ᠳᠤᠮᠳᠠ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠲᠣᠪᠤᠶᠢᠮ᠎ᠠ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤ ᠶᠢᠨ ᠪᠥᠭᠡᠳ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号