ᠵᠠᠯᠠᠶᠢᠳ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/30
     4 ᠰᠠᠷ᠎ᠠ ᠶᠢᠨ 28 ᠤ ᠡᠳᠦᠷ᠂ ᠵᠠᠯᠠᠶᠢᠳ ᠬᠤᠰᠢᠭᠤ ᠪᠣᠯᠤᠨ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠵᠠᠢ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢ ᠬᠤᠤ ᠪᠣᠯᠤᠨ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠮᠢᠶᠠᠷᠤᠯᠲᠠ ᠶᠢᠨ ᠰᠠᠯᠪᠤᠷᠢ ᠶᠢᠨ ᠡᠷᠬᠢᠯᠡᠭᠴᠢ ᠸᠠᠩ ᠵᠢᠶᠠᠨ ︽ᠵᠠᠯᠠᠶᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠠᠵᠢᠯᠯᠠᠭᠠᠨ ᠤ ᠲᠥᠰᠦᠯ︾ ᠢ ᠭᠦᠨᠵᠡᠭᠡᠶ ᠶᠠᠷᠢᠯᠴᠠᠭᠰᠠᠨ ᠪᠥᠭᠡᠳ ᠪᠣᠳᠠᠲᠠᠶ ᠰᠠᠨᠠᠯ ᠰᠠᠨᠠᠭᠤᠯᠭ᠎ᠠ ᠳᠤᠷᠠᠳᠪᠠ᠃     ᠬᠤᠷᠠᠯ ᠠᠴᠠ᠂ ᠵᠠᠯᠠᠶᠢᠳ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠬᠢᠭᠡᠳ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠠᠮᠤ ᠪᠤᠳᠠᠭ᠎ᠠ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠲᠠᠷᠢᠮᠠᠯ ᠤᠨ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠪᠡᠶᠡᠯᠡᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠵᠠᠯᠠᠶᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠵᠠᠢ᠃     ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号