| 4 ᠰᠠᠷ᠎ᠠ ᠶᠢᠨ 29 ᠤ ᠡᠳᠦᠷ᠂ ᠵᠠᠯᠠᠶᠢᠳ ᠬᠤᠰᠢᠭᠤ 2025 ᠣᠨ ᠤ ᠠᠶᠢᠮᠠᠭ᠂ ᠬᠤᠰᠢᠭᠤ ᠬᠤᠶᠠᠷ | ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ | ᠬᠤᠷᠠᠯᠳᠤᠭᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠡᠷᠢᠭᠦᠯᠡᠭᠴᠢ ᠴᠧᠩ ᠮᠢᠩ ᠯᠢ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠨᠢ ᠤᠯᠤᠰ ᠲᠥᠷᠥ ᠶᠢᠨ ᠵᠥᠪᠯᠡᠯᠭᠡᠨ ᠤ | ᠬᠢᠩᠭᠠᠨ ᠠᠶᠢᠮᠠᠭ ᠤᠨ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠬᠤᠷᠠᠯ ᠤᠨ 54 ᠬᠤᠪᠢ ᠰᠠᠨᠠᠯ | ᠳᠤᠷᠠᠳᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠵᠠᠯᠠᠶᠢᠳ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ | ᠬᠤᠷᠢᠶ᠎ᠠ ᠶᠢᠨ ᠳᠥᠷᠪᠡᠳᠦᠭᠡᠷ ᠤᠳᠠᠭᠠᠨ ᠤ ᠬᠤᠷᠠᠯ ᠤᠨ 96 ᠬᠤᠪᠢ ᠰᠠᠨᠠᠯ ᠳᠤᠷᠠᠳᠤᠯᠭ᠎ᠠ ᠶᠢ ᠬᠤᠰᠢᠭᠤᠨ ᠤ | ᠨᠠᠮ ᠤᠨ ᠬᠤᠷᠢᠶ᠎ᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠵᠠᠰᠠᠭ ᠤᠨ ᠣᠷᠳᠣᠨ ᠤ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠨ 58 ᠲᠠᠭᠠᠭᠠᠴᠢᠯᠡᠨ ᠡᠷᠬᠢᠯᠡᠵᠤ ᠰᠢᠢᠳᠪᠦᠷᠢᠯᠡᠬᠦ ᠨᠢᠭᠡᠴᠢ ᠳᠤ ᠲᠤᠰᠢᠶᠠᠨ ᠥᠭᠴᠦ | ᠰᠢᠢᠳᠪᠦᠷᠢᠯᠡᠭᠦᠯᠪᠡ᠃ | ᠬᠤᠷᠠᠯ ᠠᠴᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠴᠢᠬᠤᠯᠠ ᠴᠢᠨᠠᠷ ᠢ ᠴᠢᠬᠤᠯᠠᠴᠢᠯᠠᠵᠤ᠂ | ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠣᠯ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠤᠨ ᠣᠯᠠᠨ ᠲᠦᠮᠡᠨ ᠤ | ᠨᠡᠪᠲᠡᠷᠡᠯᠴᠡᠭᠡ ᠶᠢᠨ ᠴᠢᠬᠤᠯᠠ ᠬᠥᠭᠦᠷᠭᠡ ᠬᠤᠯᠪᠤᠭᠠᠰᠤ ᠮᠥᠨ᠂ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠶᠢᠨ | ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ | ᠠᠵᠢᠯ ᠤᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠢᠳᠡᠪᠬᠢ | ᠦᠢᠯᠡᠳᠦᠯ ᠢ ᠭᠦᠢᠴᠡᠳ ᠲᠠᠨᠢᠬᠤ ᠬᠡᠷᠡᠭᠲᠡᠶ᠃ ᠡᠯ᠎ᠡ ᠲᠠᠭᠠᠭᠠᠴᠢᠯᠡᠨ ᠡᠷᠬᠢᠯᠡᠵᠤ ᠰᠢᠢᠳᠪᠦᠷᠢᠯᠡᠬᠦ ᠨᠢᠭᠡᠴᠢ ᠨᠦᠭᠦᠳ | ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠮᠵᠢᠯᠴᠠᠭ᠎ᠠ ᠪᠠᠨ ᠴᠢᠩᠭᠠᠳᠬᠠᠨ᠂ ᠲᠣᠭᠲᠠᠭᠰᠠᠨ ᠴᠠᠭ ᠬᠤᠭᠤᠴᠠᠭ᠎ᠠ ᠪᠠ | ᠰᠢᠢᠳᠪᠦᠷᠢᠯᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠠᠨᠠᠯ ᠵᠥᠪᠯᠡᠯᠭᠡ ᠨᠢᠭᠡᠪᠦᠷᠢ ᠶᠢ ᠰᠠᠶᠢᠳᠤᠷ | ᠨᠠᠶᠢᠳᠠᠪᠤᠷᠢᠵᠢᠭᠤᠯᠵᠤ᠂ ᠰᠢᠢᠳᠪᠦᠷᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ | ᠭᠡᠰᠢᠭᠦᠳ ᠪᠠ ᠣᠯᠠᠨ ᠲᠦᠮᠡᠨ ᠳᠤ ᠰᠡᠳᠬᠢᠯ ᠬᠠᠨᠤᠮᠵᠢᠲᠠᠶ ᠬᠠᠷᠢᠭᠤᠯᠲᠠ ᠥᠭᠬᠦ ᠬᠡᠷᠡᠭᠲᠡᠶ ᠭᠡᠵᠤ ᠴᠢᠬᠤᠯᠠᠴᠢᠯᠠᠵᠠᠢ᠃ |