| | | | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 29 ᠤ ᠴᠠᠬᠢᠯᠭᠠᠨ ᠮᠡᠳᠡᠭᠡ 4 ᠰᠠᠷ᠎ᠠ ᠶᠢᠨ 29 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠢᠷᠠᠨ ᠳᠤ ᠬᠦᠨᠳᠦ ᠨᠣᠴᠢᠲᠠᠢ ᠳᠡᠯᠪᠡᠷᠡᠯᠲᠡ ᠶᠢᠨ ᠬᠡᠷᠡᠭ ᠭᠠᠷᠤᠭᠰᠠᠨ | ᠲᠤᠬᠠᠢ ᠢᠷᠠᠨ ᠤ ᠶᠡᠷᠦᠩᠬᠡᠶᠢᠯᠡᠭᠴᠢ ᠫᠧᠽᠧᠱᠺᠢᠶᠠᠨ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ᠃ | ᠰᠢ ᠶᠢᠨ ᠫᠢᠩ᠂ ᠡᠷᠬᠢᠮ ᠤᠯᠤᠰ ᠤᠨ ᠡᠮᠦᠨᠡᠲᠦ ᠬᠡᠰᠡᠭ ᠤᠨ ᠠᠪᠠᠰ ᠭᠠᠷᠠᠮ ᠤᠨ ᠬᠤᠲᠠ ᠶᠢᠨ ᠯᠠᠵᠢᠶᠠᠶ᠋ᠢ | ᠭᠠᠷᠠᠮ ᠳᠤ ᠬᠦᠨᠳᠦ ᠨᠣᠴᠢᠲᠠᠢ ᠳᠡᠯᠪᠡᠷᠡᠯᠲᠡ ᠡᠭᠦᠰᠴᠦ᠂ ᠬᠥᠮᠥᠨ ᠬᠠᠷ᠎ᠠ ᠬᠦᠨᠳᠦ ᠨᠣᠴᠢᠲᠠᠢ ᠡ᠊ᠨᠳᠡᠵᠦ ᠰᠢᠷᠬᠠᠲᠤᠭᠰᠠᠨ ᠢ | ᠡᠮᠭᠡᠨᠢᠨ ᠰᠣᠨᠣᠰᠤᠯ᠎ᠠ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ | ᠲᠦᠮᠡᠨ ᠤ ᠡᠮᠦᠨ᠎ᠡ ᠠᠴᠠ ᠡ᠊ᠨᠳᠡᠭᠰᠡᠳ ᠢ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ᠂ ᠰᠢᠷᠬᠠᠲᠤᠭᠰᠠᠳ | ᠪᠣᠯᠣᠨ ᠡ᠊ᠨᠳᠡᠭᠰᠡᠳ ᠤᠨ ᠭᠡᠷ ᠪᠦᠯᠢ ᠶᠢᠨ ᠬᠢᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠨ᠎ᠠ ᠭᠡᠵᠦ ᠢᠯᠡᠳᠬᠡᠪᠡ᠃ | | |