| 4 ᠰᠠᠷ᠎ᠠ ᠶᠢᠨ 2 ᠤᠨ ᠡᠳᠦᠷ᠂ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤ ᠣᠳᠣᠬᠠᠨ ᠤ | ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠵᠤ᠂ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠪᠠᠯᠭᠠᠰᠤᠨ ᠤ ᠳᠠᠷᠤᠭ᠎ᠠ ᠲᠠᠩ ᠽᠢ ᠵᠢᠶᠠᠨ ᠡᠷᠬᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ | ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠡᠩ ᠲᠡᠷᠢᠭᠦᠨ ᠳᠤ ᠡᠯ᠎ᠡ ᠤᠳᠤᠷᠢᠳᠬᠤ ᠪᠠᠭ ᠤᠨ ᠪᠦᠷᠢᠯᠳᠦᠬᠦᠨ ᠨᠡᠷ ᠲᠤᠰ ᠲᠤᠰ ᠤᠨ | ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠵᠢᠯ ᠤᠨ ᠠᠬᠢᠴᠠ ᠶᠢᠨ ᠪᠠᠶᠢᠳᠠᠯ ᠢᠶᠠᠨ ᠳᠡᠰ ᠳᠠᠷᠠᠭᠠᠯᠠᠨ | ᠬᠠᠷᠢᠭᠤ ᠮᠡᠳᠡᠭᠦᠯᠪᠡ᠃ ᠬᠤᠷᠠᠯ ᠤᠨ ᠳᠠᠷᠠᠭ᠎ᠠ᠂ ᠬᠤᠷᠠᠯ ᠳᠡᠭᠡᠷ᠎ᠡ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ | ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢ ᠤᠷᠲᠤᠳᠬᠠᠬᠤ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ | ᠲᠡᠭᠡᠭᠰᠢᠯᠡᠬᠦᠯᠬᠦ ᠠᠵᠢᠯᠯᠠᠭ᠎ᠠ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ᠂ ᠠᠮᠢᠨ ᠬᠡᠷᠡᠭ ᠢ ᠰᠡᠷᠭᠡᠶᠢᠯᠡᠨ | ᠡᠵᠡᠮᠳᠡᠬᠦ᠂ ᠬᠠᠩᠰᠢ ᠶᠢᠨ ᠡᠳᠦᠷ ᠵᠢᠵᠢᠭᠦᠷᠯᠡᠨ ᠰᠠᠬᠢᠬᠤ᠂ ᠠᠮᠤᠷ ᠲᠦᠪᠰᠢᠨ ᠢᠶᠠᠷ ᠭᠠᠯ ᠢ ᠰᠡᠷᠭᠡᠶᠢᠯᠡᠬᠦ᠂ ᠬᠦᠮᠤᠨ | ᠠᠷᠠᠳ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠲᠣᠭᠲᠠᠭᠠᠯ ᠠᠴᠠ ᠵᠥᠷᠢᠴᠡᠨ | ᠪᠠᠶᠢᠭᠤᠯᠤᠭᠰᠠᠨ ᠵᠤᠰᠠᠯᠠᠩ ᠢ ᠵᠢᠭᠰᠠᠭᠠᠨ ᠪᠠᠶᠢᠴᠠᠭᠠᠬᠤ ᠵᠡᠷᠭᠡ ᠣᠳᠣᠬᠠᠨ ᠤ ᠭᠤᠤᠯᠳᠠᠯᠭ᠎ᠠ ᠲᠠᠢ ᠠᠵᠢᠯ ᠳᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ | ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ | ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ | ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠲᠠᠢ ᠡᠭᠦᠷᠭᠡ ᠶᠢᠨ | ᠲᠣᠭᠤᠷᠢᠨ ᠳᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠡᠯ᠎ᠡ ᠬᠤᠪᠢᠳᠠᠨ | ᠬᠠᠮᠢᠶᠠᠷᠴᠤ ᠪᠠᠶᠢᠭ᠎ᠠ ᠤᠳᠤᠷᠢᠳᠤᠯᠭ᠎ᠠ ᠡᠮᠦᠨ᠎ᠡ ᠨᠢ ᠵᠢᠯᠣᠭᠤᠳᠴᠤ᠂ ᠪᠡᠶ᠎ᠡ ᠪᠠᠷ ᠢᠶᠠᠨ ᠠᠳᠬᠤᠵᠤ᠂ ᠶᠡᠷᠦᠩᠬᠡᠶ | ᠬᠠᠷᠢᠭᠤᠴᠠᠯᠭ᠎ᠠ ᠶᠢ ᠡᠭᠦᠷᠭᠡᠯᠡᠵᠦ᠂ ᠪᠡᠶ᠎ᠡ ᠪᠠᠷ ᠢᠶᠠᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠲᠣᠬᠢᠷᠠᠭᠤᠯᠬᠤ ᠬᠡᠷᠡᠭᠲᠡᠶ᠃ ᠭᠤᠷᠪᠠ ᠳᠤ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠪᠠᠲᠤ ᠴᠡᠭᠡᠵᠢᠯᠡᠬᠦ ᠬᠡᠷᠡᠭᠲᠡᠶ᠃ ᠠᠵᠢᠯ ᠤᠨ ᠰᠠᠬᠢᠯᠭ᠎ᠠ ᠪᠠᠲᠤ ᠶᠢ | ᠴᠢᠩᠭ᠎ᠠ ᠵᠢᠷᠤᠮᠯᠠᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠬᠡᠵᠦ᠂ ᠡᠯ᠎ᠡ | ᠵᠦᠢᠯ ᠤᠨ ᠭᠤᠣᠯᠳᠠᠯᠭ᠎ᠠ ᠲᠠᠢ ᠠᠵᠢᠯ ᠤᠨ ᠳᠡᠭᠲᠡᠷ ᠲᠤ ᠭᠠᠷᠴᠤ᠂ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠢ᠃ |