ᠵᠠᠯᠠᠶᠢᠳ ᠬᠤᠰᠢᠭᠤ ᠣᠷᠣᠰᠢᠭᠤᠯᠭ᠎ᠠ ᠶᠢᠨ ᠬᠦᠷᠢᠶᠡᠨ ᠳᠤ ᠵᠠᠬ᠎ᠠ ᠳᠡᠯᠭᠡᠭᠦᠷ ᠤᠨ ᠬᠢᠨᠠᠯᠲᠠ ᠲᠠᠯᠪᠢᠵᠤ ᠬᠠᠮᠲᠤᠷᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/7
      ᠬᠠᠩᠰᠢ ᠶᠢᠨ ᠡᠳᠦᠷ ᠠᠴᠠ ᠡᠮᠦᠨᠡᠬᠡᠨ᠂ ᠣᠷᠣᠰᠢᠭᠤᠯᠭ᠎ᠠ ᠶᠢᠨ ᠬᠦᠷᠢᠶᠡᠨ ᠳᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠵᠠᠯᠠᠶᠢᠳ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠣᠷᠣᠰᠢᠭᠤᠯᠭ᠎ᠠ ᠶᠢᠨ ᠬᠦᠷᠢᠶᠡᠨ ᠳᠠᠬᠢ ᠵᠠᠬ᠎ᠠ ᠳᠡᠯᠭᠡᠭᠦᠷ ᠤᠨ ᠬᠢᠨᠠᠯᠲᠠ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ᠪᠣᠯᠪᠠᠰᠤᠨ᠂ ᠡᠶ᠎ᠡ ᠵᠣᠬᠢᠴᠠᠯ ᠲᠠᠢ᠂ ᠡᠮᠬᠢ ᠵᠢᠷᠤᠮ ᠲᠠᠢ ᠤᠷᠤᠰᠢᠭᠤᠯᠭ᠎ᠠ ᠲᠠᠬᠢᠯᠭ᠎ᠠ ᠶᠢᠨ ᠣᠷᠴᠢᠨ ᠲᠣᠭᠤᠷᠢᠨ ᠢ ᠪᠣᠶ ᠪᠣᠯᠭᠠᠪᠠ᠃      ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠣᠷᠣᠰᠢᠭᠤᠯᠭ᠎ᠠ ᠶᠢᠨ ᠬᠡᠷᠡᠭᠰᠡᠯ ᠪᠣᠷᠣᠯᠠᠭᠤᠯᠬᠤ ᠬᠤᠳᠠᠯᠳᠤᠭ᠎ᠠ ᠳᠡᠯᠭᠡᠭᠦᠷ᠂ ᠣᠷᠣᠰᠢᠭᠤᠯᠭ᠎ᠠ ᠶᠢᠨ ᠭᠠᠵᠠᠷ ᠵᠡᠷᠭᠡ ᠭᠠᠵᠠᠷ ᠢᠶᠠᠷ ᠭᠦᠨᠵᠡᠭᠡᠶᠢᠷᠡᠵᠦ᠂ ︽ᠪᠠᠶᠢᠴᠠᠭᠠᠬᠤ᠂ ᠦᠵᠡᠬᠦ᠂ ᠠᠰᠠᠭᠤᠬᠤ︾ ᠶᠢ ᠤᠶᠠᠯᠳᠤᠭᠤᠯᠬᠤ ᠠᠷᠭ᠎ᠠ ᠪᠠᠷ ᠹᠸᠤᠳᠠᠯ ᠤᠨ ᠮᠤᠬᠤᠷ ᠪᠢᠰᠢᠷᠡᠯ ᠤᠨ ᠣᠷᠣᠰᠢᠭᠤᠯᠭ᠎ᠠ ᠶᠢᠨ ᠬᠡᠷᠡᠭᠰᠡᠯ ᠪᠣᠷᠣᠯᠠᠭᠤᠯᠤᠭᠰᠠᠨ ᠡᠰᠡᠬᠦ᠂ ᠦᠨ᠎ᠡ ᠬᠠᠩᠰᠢ ᠶᠢᠨ ᠲᠡᠮᠳᠡᠭ ᠨᠢ ᠵᠢᠷᠤᠮᠵᠢᠭᠰᠠᠨ ᠡᠰᠡᠬᠦ ᠵᠡᠷᠭᠡ ᠶᠢ ᠭᠤᠤᠯᠳᠠᠯᠭ᠎ᠠ ᠲᠠᠢ ᠬᠢᠨᠠᠨ ᠪᠠᠶᠢᠴᠠᠭᠠᠬᠤ ᠶᠢᠨ ᠬᠠᠮᠲᠤ ᠬᠤᠳᠠᠯᠳᠤᠭᠠᠨ ᠤ ᠡᠷᠦᠬᠡ ᠳᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠵᠤ᠂ ᠡᠵᠡᠩᠨᠡᠭᠴᠢᠳ ᠢ ᠲᠠᠶᠢᠴᠢᠯᠡᠨ ᠵᠢᠯᠣᠭᠤᠳᠴᠤ ᠪᠠᠶᠢᠭᠠᠳ ᠲᠣᠭᠲᠠᠭᠠᠯ ᠳᠤ ᠨᠡᠶᠢᠴᠡᠬᠦ ᠦᠵᠡᠯ ᠤᠬᠠᠮᠰᠠᠷ ᠢ ᠪᠣᠶ ᠪᠣᠯᠭᠠᠪᠠ᠃ ᠣᠷᠣᠰᠢᠭᠤᠯᠭ᠎ᠠ ᠶᠢᠨ ᠦᠢᠯᠡᠴᠢᠯᠡᠭᠡᠨ ᠤ ᠲᠠᠯ᠎ᠠ ᠪᠠᠷ᠂ ᠪᠠᠶᠢᠴᠠᠭᠠᠬᠤ ᠳᠤᠭᠤᠶᠢᠯᠠᠩ ᠣᠷᠣᠰᠢᠭᠤᠯᠭ᠎ᠠ ᠶᠢᠨ ᠦᠢᠯᠡᠴᠢᠯᠡᠭᠡᠨ ᠤ ᠶᠠᠪᠤᠴᠠ᠂ ᠰᠦᠢᠳᠬᠡᠯ ᠬᠤᠷᠢᠶᠠᠬᠤ ᠲᠥᠷᠥᠯ ᠵᠦᠢᠯ ᠪᠠ ᠪᠠᠷᠢᠮᠵᠢᠶ᠎ᠠ ᠶᠢ ᠢᠯᠡ ᠨᠡᠶᠢᠲᠡᠯᠡᠬᠦ᠂ ᠪᠡᠯᠡᠳᠬᠡᠮᠵᠢ ᠲᠥᠬᠦᠭᠡᠷᠦᠮᠵᠢ ᠶᠢᠨ ᠠᠮᠤᠷ ᠲᠦᠪᠰᠢᠨ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡ ᠨᠢ ᠵᠢᠷᠤᠮᠵᠢᠭᠤᠨ ᠪᠠᠶᠢᠬᠤ ᠡᠰᠡᠬᠦ᠂ ᠦᠨ᠎ᠡ ᠬᠠᠩᠰᠢ ᠨᠢ ᠵᠦᠶ ᠵᠣᠬᠢᠰᠲᠠᠶ ᠪᠠᠶᠢᠬᠤ ᠡᠰᠡᠬᠦ᠂ ᠠᠯᠪᠠᠳᠠᠯᠭ᠎ᠠ ᠪᠠᠷ ᠬᠡᠷᠡᠭᠯᠡᠭᠡᠨ ᠬᠢᠬᠦ ᠵᠡᠷᠭᠡ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠪᠠᠶᠢᠴᠠᠭᠠᠬᠤ ᠳᠤᠭᠤᠶᠢᠯᠠᠩ ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠬᠠᠷᠢᠭᠤᠴᠠᠯᠭᠠᠲᠤ ᠪᠠᠶᠢᠭᠤᠯᠭ᠎ᠠ ᠨᠢᠭᠡᠴᠢ ᠶᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃       ᠲᠣᠰ ᠤᠳᠠᠭᠠᠨ ᠤ ᠠᠵᠢᠯᠯᠠᠭ᠎ᠠ ᠨᠢ ᠰᠠᠯᠠᠭ᠎ᠠ ᠮᠥᠴᠢᠷ ᠤᠨ ᠬᠠᠮᠵᠢᠯᠴᠠᠨ ᠬᠠᠮᠲᠤᠷᠠᠯᠴᠠᠬᠤ ᠪᠠᠷ ᠳᠠᠮᠵᠢᠨ᠂ ᠬᠢᠨᠠᠯᠲᠠ ᠬᠠᠮᠢᠶᠠᠷᠤᠯᠲᠠ ᠶᠢᠨ ᠬᠠᠮᠳᠤᠷᠠᠯ ᠤᠨ ᠬᠦᠴᠦᠨ ᠢ ᠪᠦᠷᠢᠯᠳᠦᠭᠦᠯᠵᠦ᠂ ᠣᠷᠣᠰᠢᠭᠤᠯᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠵᠤ᠂ ᠣᠷᠣᠰᠢᠭᠤᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号