ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ︽ᠵᠢᠭᠠᠨ ᠰᠤᠷᠭᠠᠯᠲᠠ ᠶᠢᠨ ᠬᠠᠮᠲᠤ ᠶᠢᠨ ᠴᠣᠭᠴᠠ︾ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/7
      4 ᠰᠠᠷ᠎ᠠ ᠶᠢᠨ 3 ᠤ ᠡᠳᠦᠷ᠂ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ︽ᠵᠢᠭᠠᠨ ᠰᠤᠷᠭᠠᠯᠲᠠ ᠶᠢᠨ ᠬᠠᠮᠲᠤ ᠶᠢᠨ ᠴᠣᠭᠴᠠ︾ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ᠂ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠲᠦᠷᠭᠡᠳᠬᠡᠬᠦ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠪᠠ᠃ ᠬᠤᠷᠠᠯ ᠠᠴᠠ ᠪᠡᠭᠡᠵᠢᠩ ᠬᠤᠲᠠ ᠶᠢᠨ ᠹᠧᠩᠲ᠋ᠠᠢ ᠲᠣᠭᠤᠷᠢᠭ ᠤᠨ ᠲᠦᠷ ᠲᠤᠰᠢᠶᠠᠯ ᠡᠭᠦᠷᠭᠡᠯᠡᠭᠰᠡᠨ ᠰᠤᠷᠭᠠᠭᠤᠯᠢ ᠶᠢᠨ ᠵᠠᠬᠢᠷᠤᠯ ᠬᠤ᠋ ᠰᠢᠶᠤᠤ ᠮᠧᠩ᠂ ᠰᠦᠨ ᠹᠧᠩ ᠢ ᠬᠤᠷᠠᠯ ᠳᠤ ᠤᠨᠴᠠ ᠤᠷᠢᠵᠤ ᠵᠢᠭᠠᠨ ᠵᠢᠯᠤᠭᠤᠳᠬᠤ ᠳᠤ ᠤᠷᠤᠯᠴᠠᠭᠤᠯᠤᠨ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠤᠬᠦᠨ᠂ ᠬᠠᠮᠢᠶ᠎ᠠ ᠪᠥᠬᠦᠶ ᠲᠠᠰᠤᠭ ᠤᠨ ᠬᠠᠷᠢᠭᠤᠴᠠᠯᠭᠠᠲᠠᠨ ᠵᠢᠴᠢ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠭᠤᠤᠯ ᠬᠠᠷᠢᠭᠤᠴᠠᠯᠭᠠᠲᠠᠳ ᠲᠤᠰ ᠤᠳᠠᠭᠠᠨ ᠤ ᠬᠤᠷᠠᠯ ᠳᠤ ᠣᠷᠣᠯᠴᠠᠪᠠ᠃       ᠬᠤᠷᠠᠯ ᠠᠴᠠ᠂ ᠵᠢᠭᠠᠨ ᠰᠤᠷᠭᠠᠯᠳᠠ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠪᠣᠯ ᠰᠤᠷᠭᠠᠨ ᠬᠥᠮᠦᠵᠢᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠠᠬᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠭᠤᠷᠪᠠᠨ ᠲᠠᠯ᠎ᠠ ᠪᠠᠷ ᠨᠠᠷᠢᠯᠢᠭ ᠣᠨᠣᠴᠠᠲᠠᠶ ᠪᠠᠷ ᠰᠠᠶᠢᠳᠤᠷ ᠬᠢᠬᠦ ᠬᠡᠷᠡᠭᠲᠡᠶ᠄ ᠨᠢᠭᠡ ᠳᠤ᠂ ᠲᠦᠷᠢᠮ ᠤᠨ ᠵᠢᠷᠤᠭ ᠲᠥᠯᠥᠪᠯᠡᠭᠡ ᠶᠢ ᠲᠦᠷᠭᠡᠳᠭᠡᠨ ᠲᠡᠭᠦᠯᠳᠡᠷᠵᠢᠭᠦᠯᠵᠦ᠂ ᠬᠡᠷᠡᠭᠵᠢᠭᠦᠯᠵᠦ ᠪᠣᠯᠬᠤ᠂ ᠨᠠᠶᠢᠳᠠᠪᠤᠷᠢᠵᠢᠭᠤᠯᠵᠤ ᠳᠡᠶᠢᠯᠬᠦ ︽ᠴᠠᠭ ᠤᠨ ᠬᠦᠰᠦᠨᠦᠭᠲᠦ︾ ᠪᠠ ︽ᠵᠠᠮ ᠱᠤᠭᠤᠮ ᠤᠨ ᠵᠢᠷᠤᠭ︾ ᠢ ᠡᠮᠬᠢᠯᠡᠨ ᠪᠦᠷᠢᠯᠳᠦᠭᠦᠯᠬᠦ ᠬᠡᠷᠡᠭᠳᠡᠢ᠃ ᠬᠤᠶᠠᠷ ᠲᠤ᠂ ᠬᠤᠲᠠ ᠬᠥᠳᠡᠭᠡ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠠᠭᠰᠢ ᠶᠢᠨ ᠰᠢᠯᠵᠢᠯᠲᠡ᠂ ᠵᠢᠭᠠᠨ ᠰᠤᠳᠤᠯᠤᠯᠲᠠ ᠶᠢ ᠬᠠᠮᠵᠢᠯᠴᠠᠭᠤᠯᠬᠤ᠂ ᠰᠣᠶᠣᠯ ᠤᠨ ᠬᠠᠮᠲᠤ ᠶᠢᠨ ᠪᠠᠶᠢᠭᠤᠯᠤᠯᠳᠠ ᠵᠡᠷᠭᠡ ᠠᠴᠢᠶᠠᠯᠠᠪᠤᠷᠢ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠳᠡᠢ᠃ ᠭᠤᠷᠪᠠ ᠳᠤ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠡᠬᠢ ᠪᠠᠶᠠᠯᠢᠭ ᠤᠨ ᠨᠥᠯᠥᠭᠡᠯᠡᠯ ᠢᠶᠠᠷ ᠰᠤᠷᠭᠠᠭᠤᠯᠢ ᠶᠢᠨ ᠬᠤᠭᠤᠷᠣᠨᠳᠣᠬᠢ ᠵᠥᠷᠢᠶ᠎ᠡ ᠶᠢ ᠪᠠᠭᠠᠰᠬᠠᠵᠤ᠂ ᠰᠤᠷᠭᠠᠨ ᠬᠥᠮᠦᠵᠢᠯ ᠤᠨ ᠵᠣᠪᠠᠨᠢᠯ ᠢ ᠦᠨᠡᠨ ᠬᠦ ᠨᠠᠮᠳᠠᠭᠤᠯᠵᠤ᠂ ︽ᠰᠤᠷᠭᠠᠭᠤᠯᠢ ᠨᠢᠭᠡᠪᠦᠷᠢ ᠶᠢ ᠰᠠᠶᠢᠲᠤᠷ ᠡᠷᠬᠢᠯᠡᠵᠦ᠂ ᠪᠠᠭᠰᠢ ᠰᠤᠷᠤᠭᠴᠢ ᠨᠢᠭᠡᠪᠦᠷᠢ ᠶᠢ ᠠᠮᠵᠢᠯᠲᠠ ᠲᠠᠢ ᠪᠤᠯᠭᠠᠬᠤ︾ ᠬᠠᠷᠠᠯᠲᠠ ᠶᠢ ᠪᠡᠶᠡᠯᠡᠭᠦᠯᠬᠦ ᠭᠡᠵᠤ ᠴᠢᠬᠤᠯᠠᠴᠢᠯᠠᠵᠠᠢ᠃
 
ᠢᠷᠡᠯᠲᠡ᠄ ᠵᠠᠯᠠᠶᠢᠳ ᠤᠨ ᠰᠤᠷᠭᠠᠨ ᠬᠦᠮᠤᠵᠢᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号