ᠠᠯᠳᠠᠷᠳᠤ ᠰᠤᠮᠤ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/8
       4 ᠰᠠᠷ᠎ᠠ ᠶᠢᠨ 2 ᠤᠨ ᠡᠳᠦᠷ᠂ ᠵᠠᠯᠠᠶᠢᠳ ᠬᠤᠰᠢᠭᠤᠨ ᠤ ᠠᠯᠳᠠᠷᠳᠤ ᠰᠤᠮᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠭᠠᠵᠠᠷ ᠰᠠᠶᠢᠨ ᠲᠤᠷᠠᠴᠤᠳ ᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠰᠣᠶᠣᠯ ᠤᠨ ᠳᠡᠯᠭᠡᠭᠦᠷ᠂ ᠲᠠᠬᠢᠯᠭ᠎ᠠ ᠶᠢᠨ ᠬᠡᠷᠡᠭᠰᠡᠯ ᠤᠨ ᠳᠡᠯᠭᠡᠭᠦᠷ ᠲᠤ ᠬᠠᠩᠰᠢ ᠶᠢᠨ ᠡᠳᠦᠷ ᠠᠴᠠ ᠡᠮᠦᠨᠡᠬᠢ ︽ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠴᠦ ᠠᠮᠤᠷ ᠠᠮᠤᠭᠤᠯᠠᠩ ᠬᠠᠩᠰᠢ︾ ᠶᠢᠨ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃        ᠲᠣᠰ ᠤᠳᠠᠭᠠᠨ ᠤ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠵᠢᠯᠯᠠᠭ᠎ᠠ ᠨᠢ ᠲᠣᠭᠲᠠᠭᠠᠯ ᠠᠴᠠ ᠵᠥᠷᠢᠴᠡᠨ ᠠᠷᠠᠳ ᠤᠨ ᠵᠣᠭᠤᠰ ᠤᠨ ᠶᠠᠩᠵᠤ ᠬᠡᠯᠪᠡᠷᠢ ᠶᠢᠨ ᠬᠤᠶᠢᠯᠭ᠎ᠠ ᠶᠢᠨ ᠴᠠᠭᠠᠰᠤᠨ ᠵᠣᠭᠤᠰ ᠵᠡᠷᠭᠡ ᠬᠠᠤᠯᠢ ᠪᠤᠰᠤ ᠲᠠᠬᠢᠯᠭ᠎ᠠ ᠶᠢᠨ ᠬᠡᠷᠡᠭᠰᠡᠯ ᠢ ᠭᠤᠤᠯᠳᠠᠯᠭ᠎ᠠ ᠲᠠᠢ ᠪᠠᠶᠢᠴᠠᠭᠠᠨ ᠰᠢᠢᠳᠪᠤᠷᠢᠯᠡᠵᠠᠢ᠃ ᠠᠵᠢᠯᠯᠠᠭ᠎ᠠ ᠶᠢᠨ ᠳᠤᠮᠳᠠ᠂ ᠰᠠᠶᠢᠨ ᠲᠤᠷᠠᠴᠤᠳ ᠬᠠᠷᠢᠶ᠎ᠠ ᠣᠷᠣᠨ ᠤ ᠬᠤᠳᠠᠯᠳᠤᠭᠠᠴᠢᠨ ᠡᠷᠦᠬᠡ ᠪᠣᠯᠤᠨ ᠣᠯᠠᠨ ᠲᠦᠮᠡᠨ ᠳᠤ ︽ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠠᠮᠢᠶ᠎ᠠ ᠪᠦᠬᠦᠢ ᠮᠡᠳᠡᠯᠭᠡ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠶᠢᠨ ᠬᠠᠮᠲᠤ ᠡᠯ᠎ᠡ ᠡᠵᠡᠩᠨᠡᠯᠲᠡ ᠶᠢᠨ ᠭᠤᠤᠯ ᠴᠣᠭᠴᠠ ᠶᠢ ᠬᠠᠤᠯᠢ ᠶᠢ ᠴᠢᠩᠭ᠎ᠠ ᠵᠢᠷᠤᠮᠯᠠᠨ ᠡᠵᠡᠩᠨᠡᠵᠦ᠂ ᠬᠠᠤᠯᠢ ᠪᠤᠰᠤ ᠬᠡᠪᠯᠡᠭᠳᠡᠬᠦᠨ ᠪᠣᠯᠤᠨ ᠬᠤᠤᠷ ᠬᠥᠨᠥᠭᠡᠯ ᠲᠠᠢ ᠮᠡᠳᠡᠭᠡ ᠵᠠᠩᠭᠢ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠰᠣᠶᠣᠯ ᠤᠨ ᠵᠠᠬ᠎ᠠ ᠳᠡᠯᠭᠡᠭᠦᠷ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠬᠠᠮᠲᠤᠪᠠᠷ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠠᠯᠳᠠᠷᠳᠤ ᠰᠤᠮᠤ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号