ᠬᠤᠯᠪᠣᠭ᠎ᠠ ᠪᠠᠯᠭᠠᠰᠤ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/4/8
     ᠬᠠᠪᠤᠷ ᠤᠨ ᠤᠯᠠᠷᠢᠯ ᠭᠠᠯ ᠤᠨ ᠭᠠᠮᠰᠢᠭ ᠣᠯᠠᠨ ᠡᠭᠦᠰᠬᠦ ᠬᠤᠭᠤᠴᠠᠭ᠎ᠠ ᠪᠣᠯᠤᠨ᠎ᠠ᠂ ᠠᠮᠢ ᠠᠬᠤᠶ ᠶᠢᠨ ᠣᠶ ᠰᠢᠭᠤᠶ ᠬᠠᠮᠠᠭᠠᠯᠠᠭᠴᠢ ᠶᠢᠨ ᠣᠶ ᠰᠢᠭᠤᠶ ᠶᠢᠨ ᠭᠠᠯ ᠰᠡᠷᠭᠡᠶᠢᠯᠡᠬᠦ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠬᠠᠪᠤᠷ ᠤᠨ ᠤᠯᠠᠷᠢᠯ ᠤᠨ ︽ᠭᠠᠯ ᠰᠡᠷᠭᠡᠶᠢᠯᠡᠬᠦ ᠬᠡᠷᠡᠮ︾ ᠢ ᠪᠠᠬᠢᠵᠢᠭᠦᠯᠬᠦ ᠶᠢᠨ ᠲᠥᠯᠥᠭᠡ᠂  ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤ 4 ᠰᠠᠷ᠎ᠠ ᠶᠢᠨ 7 ᠤ ᠡᠳᠦᠷ᠂ ᠪᠠᠯᠭᠠᠰᠤᠨ ᠤ ᠠᠮᠢ ᠠᠬᠤᠶ ᠶᠢᠨ ᠣᠶ ᠬᠠᠮᠠᠭᠠᠯᠠᠭᠴᠢ ᠶᠢᠨ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ᠃      ᠪᠣᠯᠪᠠᠰᠤᠷᠠᠯ ᠤᠨ ᠳᠤᠮᠳᠠ᠂ ᠣᠶ ᠰᠢᠭᠤᠶ ᠶᠢᠨ ᠥᠷᠲᠡᠭᠡ ᠵᠢᠴᠢ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠤᠨ ᠬᠠᠮᠢᠶ᠎ᠠ ᠪᠥᠬᠦᠶ ᠠᠵᠢᠯᠲᠠᠳ ᠣᠶ ᠰᠢᠭᠤᠶ ᠶᠢᠨ ᠭᠠᠯ ᠰᠡᠷᠭᠡᠶᠢᠯᠡᠬᠦ ᠬᠠᠤᠯᠢ ᠲᠣᠭᠲᠠᠭᠠᠯ᠂ ᠭᠠᠯ ᠤᠨ ᠠᠶᠤᠯ ᠢ ᠰᠡᠷᠭᠡᠶᠢᠯᠡᠬᠦ ᠮᠡᠳᠡᠯᠭᠡ᠂ ᠣᠶ ᠰᠢᠭᠤᠶ ᠶᠢᠨ ᠭᠠᠯ ᠤᠨ ᠦᠨᠳᠦᠰᠦᠯᠡᠯ ᠵᠢᠴᠢ ᠭᠠᠯ ᠤᠨᠲᠠᠷᠠᠭᠠᠬᠤ ᠠᠷᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ᠂ ᠣᠶᠢᠷ᠎ᠠ ᠶᠢᠨ ᠵᠢᠯ ᠳᠤ ᠡᠭᠦᠰᠦᠭᠰᠡᠨ ᠨᠡᠶᠢᠲᠡᠯᠢᠭ ᠣᠶ ᠰᠢᠭᠤᠶ ᠶᠢᠨ ᠭᠠᠯ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠡᠯ᠎ᠡ ᠲᠣᠰᠬᠤᠨ ᠤ ᠠᠮᠢ ᠠᠬᠤᠶ ᠶᠢᠨ ᠣᠶ ᠬᠠᠮᠠᠭᠠᠯᠠᠭᠴᠢ ᠳᠤ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠯᠲᠠ ᠬᠢᠵᠡᠶ᠃ ᠠᠮᠢ ᠠᠬᠤᠢ ᠶᠢᠨ ᠣᠶ ᠬᠠᠮᠠᠭᠠᠯᠠᠭᠴᠢ᠂ ᠪᠣᠯᠪᠠᠰᠤᠷᠠᠯ ᠢᠶᠠᠷ ᠳᠡᠮᠵᠢᠨ ᠣᠶ ᠰᠢᠭᠤᠶ ᠶᠢᠨ ᠭᠠᠯ ᠤᠨ ᠭᠠᠮᠰᠢᠭ ᠤᠨ ᠬᠦᠨᠳᠦ ᠨᠣᠴᠢᠲᠠᠶ ᠬᠤᠤᠷ ᠬᠥᠨᠥᠭᠡᠯ ᠵᠢᠴᠢ ᠡᠳᠦᠷ ᠲᠤᠲᠤᠮ ᠤᠨ ᠲᠣᠭᠤᠷᠢᠨ ᠬᠠᠮᠠᠭᠠᠯᠠᠬᠤ ᠪᠠ ᠭᠠᠯ ᠤᠨ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠬᠤ ᠶᠢᠨ ᠬᠠᠮᠲᠤ ᠰᠣᠷᠣᠭᠰᠠᠨ ᠮᠡᠳᠡᠯᠭᠡ ᠪᠠᠨ ᠪᠣᠳᠠᠲᠠᠶ ᠠᠵᠢᠯ ᠤᠨ ᠳᠤᠮᠳᠠ ᠪᠠᠨ ᠬᠡᠷᠡᠭᠯᠡᠵᠦ᠂ ᠣᠶ ᠰᠢᠭᠤᠶ ᠶᠢ ᠬᠠᠮᠠᠭᠠᠯᠠᠨ ᠭᠠᠯ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠭᠡᠵᠦ᠂ ᠬᠠᠷᠢᠶ᠎ᠠ ᠣᠷᠣᠨ ᠤ ᠪᠠᠨ ᠣᠶ ᠰᠢᠭᠤᠶ ᠶᠢᠨ ᠡᠬᠢ ᠪᠠᠶᠠᠯᠢᠭ ᠢ ᠰᠠᠶᠢᠲᠤᠷ ᠬᠠᠮᠠᠭᠠᠯᠠᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃     ᠪᠣᠳᠠᠲᠠᠶ ᠪᠣᠯᠪᠠᠰᠤᠷᠠᠯ ᠤᠨ ᠭᠤᠭᠴᠤᠭ᠎ᠠ ᠳᠤ᠂ ᠠᠵᠢᠯᠲᠠᠳ ᠲᠤᠬᠠᠶ ᠶᠢᠨ ᠲᠠᠯᠠᠪᠤᠷ ᠲᠤ ᠰᠠᠯᠬᠢᠨ ᠬᠦᠴᠦᠨ ᠤ ᠭᠠᠯ ᠤᠨᠲᠠᠷᠠᠭᠠᠭᠤᠷ ᠵᠡᠷᠭᠡ ᠪᠠᠶᠢᠩᠭᠤ ᠬᠡᠷᠡᠭᠯᠡᠳᠡᠭ ᠭᠠᠯ ᠤᠨᠲᠠᠷᠠᠭᠠᠬᠤ ᠲᠥᠬᠦᠭᠡᠷᠦᠮᠵᠢ ᠶᠢᠨ ᠠᠵᠢᠯᠯᠠᠬᠤ ᠠᠷᠭ᠎ᠠ ᠶᠢ ᠵᠢᠱᠢᠶ᠎ᠡ ᠦᠵᠡᠭᠦᠯᠦᠭᠰᠡᠨ ᠪᠥᠭᠡᠳ ᠠᠮᠢ ᠠᠬᠤᠢ ᠶᠢᠨ ᠣᠶ ᠬᠠᠮᠠᠭᠠᠯᠠᠭᠴᠢ ᠶᠢ ᠵᠢᠯᠣᠭᠤᠳᠤᠨ ᠪᠣᠳᠠᠲᠠᠶ ᠠᠵᠢᠯᠯᠠᠵᠤ ᠪᠣᠯᠪᠠᠰᠤᠷᠠᠭᠤᠯᠵᠤ᠂ ᠲᠡᠳᠡᠨ ᠤ ᠭᠠᠯ ᠤᠨᠲᠠᠷᠠᠭᠠᠬᠤ ᠲᠥᠬᠦᠭᠡᠷᠦᠮᠵᠢ ᠶᠢᠨ ᠬᠡᠷᠡᠭᠯᠡᠬᠦ ᠤᠷ᠎ᠠ ᠮᠡᠷᠭᠡᠵᠢᠯ ᠢ ᠪᠣᠯᠪᠠᠰᠤᠷᠠᠩᠭᠤᠶ ᠡᠵᠡᠮᠰᠢᠬᠦ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ ᠪᠠᠰᠠ ᠭᠠᠯ ᠲᠦᠢᠮᠡᠷ ᠢ ᠤᠨᠲᠠᠷᠠᠭᠠᠬᠤ ᠳᠠᠭᠤᠷᠢᠶᠠᠮᠠᠯ ᠰᠣᠷᠢᠯᠲᠠ ᠶᠢ ᠵᠣᠬᠢᠶᠠᠨ ᠪᠠᠶᠢᠭᠤᠯᠵᠤ᠂ ᠠᠮᠢ ᠠᠬᠤᠢ ᠶᠢᠨ ᠣᠶ ᠬᠠᠮᠠᠭᠠᠯᠠᠭᠴᠢ ᠶᠢ ᠪᠣᠳᠠᠲᠤ ᠳᠠᠶᠢᠨ ᠤ ᠣᠷᠴᠢᠨ ᠲᠣᠭᠤᠷᠢᠨ ᠳᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠪᠣᠯᠪᠠᠰᠤᠷᠠᠭᠤᠯᠵᠠᠶ᠃    ᠲᠣᠰ ᠤᠳᠠᠭᠠᠨ ᠤ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠪᠤᠯᠪᠠᠰᠤᠷᠠᠯ ᠨᠢ ᠬᠤᠯᠪᠣᠭ᠎ᠠ ᠪᠠᠯᠭᠠᠰᠤᠨ ᠤ ᠬᠠᠪᠤᠷ ᠤᠨ ᠤᠯᠠᠷᠢᠯ ᠤᠨ ᠣᠶ ᠰᠢᠭᠤᠶ ᠶᠢᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠬᠤᠯᠪᠤᠭ᠎ᠠ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号