| | 2025 ᠣᠨ ᠤ 4 ᠰᠠᠷ᠎ᠠ ᠶᠢᠨ 7 ᠤ ᠡᠳᠦᠷ᠂ ᠵᠠᠯᠠᠶᠢᠳ ᠬᠤᠰᠢᠭᠤᠨ ᠤ ᠪᠠᠳᠠᠷᠠᠬᠤ ᠪᠠᠯᠭᠠᠰᠤ ᠤᠢ ᠰᠢᠭᠤᠢ | ᠨᠤᠳᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ | ᠵᠠᠰᠠᠬᠤ ᠲᠤᠰᠬᠠᠢ ᠠᠵᠢᠯ ᠤᠨ ᠬᠤᠷᠠᠯ ᠬᠢᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠢ ᠰᠢᠤᠸᠠᠢ ᠵᠢᠶᠦ᠋ᠨ | ᠬᠤᠷᠠᠯ ᠢ ᠡᠷᠬᠢᠯᠡᠪᠡ᠃ | ᠬᠤᠷᠠᠯ ᠠᠴᠠ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠶ | ᠰᠢᠭᠤᠶ ᠨᠤᠳᠤᠭ ᠪᠡᠯᠴᠢᠭᠡᠷ ᠢ ᠡᠪᠳᠡᠭᠰᠡᠨ ᠠᠰᠠᠭᠤᠳᠠᠯ ᠤᠨ ᠬᠦᠨᠳᠦ ᠨᠣᠴᠢᠲᠠᠶ ᠴᠢᠨᠠᠷ ᠪᠠ ᠴᠡᠭᠴᠡᠯᠡᠨ ᠵᠠᠰᠠᠬᠤ | ᠠᠵᠢᠯ ᠤᠨ ᠲᠤᠯᠭᠠᠮ᠎ᠠ ᠴᠢᠨᠠᠷ ᠢ ᠭᠦᠨᠵᠡᠭᠡᠶ ᠲᠠᠨᠢᠬᠤ ᠬᠡᠷᠡᠭᠲᠡᠶ᠃ ᠬᠤᠶᠠᠷ ᠲᠤ ᠨᠠᠶᠢᠷ ᠬᠠᠶᠠᠬᠤ᠂ ᠬᠠᠷᠢᠴᠠᠭ᠎ᠠ | ᠬᠤᠯᠪᠤᠭ᠎ᠠ ᠡᠷᠢᠬᠦ ᠦᠵᠡᠭᠳᠡᠯ ᠭᠠᠷᠬᠤ ᠶᠢ ᠴᠢᠩᠭ᠎ᠠ ᠴᠠᠭᠠᠵᠠᠯᠠᠵᠤ᠂ ᠣᠢ ᠰᠢᠭᠤᠶ ᠨᠤᠳᠤᠭ ᠪᠡᠯᠴᠢᠭᠡᠷ ᠢ ᠡᠪᠳᠡᠭᠰᠡᠨ | ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠵᠢᠯ ᠬᠢᠬᠦ ᠦᠭᠡᠢ᠂ ᠳᠤᠷ᠎ᠠ ᠪᠠᠷ ᠢᠶᠠᠨ | ᠬᠢᠬᠦ ᠵᠡᠷᠭᠡ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠢᠳᠪᠦᠷᠢᠯᠡᠬᠦ | ᠬᠡᠷᠡᠭᠲᠡᠶ᠃ ᠭᠤᠷᠪᠠ ᠳᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠤᠢ ᠰᠢᠭᠤᠶ ᠨᠤᠳᠤᠭ | ᠪᠡᠯᠴᠢᠭᠡᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ | ᠰᠢᠢᠳᠪᠦᠷᠢᠯᠡᠵᠦ᠂ ᠬᠡᠷᠡᠭ ᠢᠶᠠᠷ ᠬᠠᠤᠯᠢ ᠶᠢ ᠠᠬᠢᠭᠤᠯᠵᠤ᠂ ᠬᠡᠷᠡᠭ ᠢᠶᠠᠷ ᠵᠠᠰᠠᠬᠤ ᠶᠢ ᠠᠬᠢᠭᠤᠯᠵᠤ᠂ ᠵᠠᠰᠠᠯᠲᠠ ᠶᠢᠨ | ᠦᠷ᠎ᠡ ᠪᠦᠲᠦᠮᠵᠢ ᠶᠢ ᠨᠡᠮᠡᠭᠳᠡᠭᠦᠯᠬᠦ ᠬᠡᠷᠡᠭᠲᠡᠢ ᠭᠡᠵᠤ ᠱᠠᠭᠠᠷᠳᠠᠵᠠᠢ᠃ |