| ᠵᠠᠯᠠᠶᠢᠳ ᠬᠤᠰᠢᠭᠤᠨ ᠤ ᠠᠯᠳᠠᠷᠳᠤ ᠰᠤᠮᠤ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ | ᠪᠣᠯᠭᠠᠵᠤ᠂ ᠲᠤᠰᠬᠠᠶᠢᠵᠢᠭᠰᠠᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ | ︽ᠥᠷᠭᠡᠴᠡ︾᠂ ︽ᠬᠤᠷᠳᠤᠴᠠ︾ ᠪᠠ ︽ᠬᠠᠶᠢᠷ᠎ᠠ ᠬᠠᠯᠠᠮᠵᠢ︾ ᠲᠠᠢ ᠬᠠᠪᠰᠤᠷᠤᠨ ᠭᠦᠢᠴᠡᠳᠬᠡᠬᠦ ᠤᠷᠤᠯᠠᠨ | ᠭᠦᠢᠴᠡᠳᠭᠡᠬᠦ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠥᠭᠡᠷᠡᠴᠢᠯᠡᠯᠲᠡ ᠶᠢᠨ ᠦᠷ᠎ᠡ | ᠪᠦᠲᠦᠭᠡᠯ ᠢ ᠣᠯᠠᠨ ᠲᠦᠮᠡᠨ ᠤ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠠᠵᠠ ᠵᠢᠷᠭᠠᠯ ᠪᠣᠯᠭᠠᠨ ᠦᠨᠡᠨ ᠬᠦ | ᠬᠤᠪᠢᠷᠠᠭᠤᠯᠵᠤ ᠪᠤᠢ᠃ | ᠠᠯᠳᠠᠷᠳᠤ ᠰᠤᠮᠤ ᠶᠢᠨ ᠪᠠᠶ᠋ᠬᠠᠤᠷᠤᠢ ᠭᠠᠴᠠᠭ᠎ᠠ ᠶᠢᠨ ᠨᠠᠮ ᠣᠯᠠᠨ ᠲᠦᠮᠡᠨ ᠤ ᠠᠵᠢᠯ ᠤᠨ ᠤᠶᠢᠯᠡᠴᠢᠯᠡᠭᠡᠨ ᠤ | ᠲᠥᠪ ᠤᠨ ᠶᠡᠭᠡ ᠲᠢᠩᠬᠢᠮ ᠢᠶᠠᠷ ᠬᠦᠷᠬᠦ ᠳᠤ᠂ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠠᠵᠢᠯ ᠤᠨ | ᠵᠢᠭᠠᠯᠳᠡ ᠶᠢᠨ ᠫᠠᠶᠢᠰᠠ ᠶᠢ ᠢᠯᠡ ᠪᠠᠶᠢᠷᠢᠨ ᠳᠤ ᠲᠠᠯᠪᠢᠵᠤ ᠪᠠᠶᠢᠯ᠎ᠠ᠃ ᠪᠠᠶ᠋ᠬᠠᠤᠷᠤᠢ ᠭᠠᠴᠠᠭᠠᠨ ᠤ ᠠᠷᠠᠳ ᠪᠠᠢ ᠢᠦᠢ | ᠴᠢᠩ ᠠᠵᠢᠯᠲᠠᠳ ᠤᠨ ᠬᠠᠪᠰᠤᠷᠤᠯᠭ᠎ᠠ ᠳᠣᠣᠷ᠎ᠠ ᠨᠠᠰᠤᠵᠢᠯ ᠤᠨ ᠠᠰᠠᠷᠠᠮᠵᠢ ᠶᠢᠨ ᠲᠤᠬᠠᠶᠢᠯᠠᠭᠰᠠᠨ ᠠᠵᠢᠯ ᠢᠶᠠᠨ | ᠲᠦᠷᠭᠡᠨ ᠭᠦᠢᠴᠡᠳᠬᠡᠵᠦ᠂ ᠥᠨᠳᠥᠷ ᠪᠦᠲᠦᠮᠵᠢᠲᠡᠢ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠨᠢ | ᠪᠠᠢ ᠢᠤᠢ ᠴᠢᠩ ᠢ ᠰᠤᠮᠤ ᠭᠠᠴᠠᠭᠠᠨ ᠤ ᠬᠤᠭᠤᠷᠨᠤᠳᠤ ᠨᠠᠰᠢ ᠴᠠᠰᠢ ᠶᠠᠪᠤᠬᠤ ᠴᠢᠬᠤᠯᠠ ᠦᠭᠡᠢ ᠪᠤᠯᠭᠠᠵᠠᠢ᠃ | ᠣᠳᠣᠬᠠᠨ ᠳᠤ᠂ ᠣᠯᠠᠨ ᠲᠦᠮᠡᠨ ᠵᠠᠰᠠᠭ ᠤᠨ ᠶᠠᠪᠤᠳᠠᠯ ᠤᠨ ᠤᠴᠢᠷ ᠶᠠᠪᠤᠳᠠᠯ ᠢ ᠭᠦᠢᠴᠡᠳᠬᠡᠬᠦ ᠳᠤ | ᠥᠪᠡᠷ ᠢᠶᠠᠨ ᠨᠠᠰᠢ ᠴᠠᠰᠢ ᠵᠠᠮ ᠬᠦᠭᠡᠭᠡᠬᠦ ᠴᠢᠬᠤᠯᠠ ᠦᠭᠡᠢ ᠪᠤᠯᠵᠠᠢ᠂ ᠵᠥᠪᠬᠡᠨ ᠬᠠᠮᠢᠶ᠎ᠠ ᠪᠦᠬᠦᠢ ᠭᠤᠶᠤᠴᠢᠯᠠᠯ ᠤᠨ | ᠮᠠᠲ᠋ᠧᠷᠢᠶᠠᠯ ᠢᠶᠠᠨ ᠭᠠᠴᠠᠭᠠᠨ ᠤ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠴᠣᠩᠬᠤᠪᠴᠢ ᠪᠤᠶᠤ | ᠬᠠᠪᠰᠤᠷᠤᠨ ᠭᠦᠢᠴᠡᠳᠬᠡᠬᠦ ᠠᠵᠢᠯᠲᠠᠨ ᠤ ᠭᠠᠷ ᠲᠤ ᠲᠤᠰᠢᠶᠠᠵᠤ᠂ ᠬᠠᠪᠰᠤᠷᠤᠨ ᠭᠦᠢᠴᠡᠳᠭᠡᠬᠦ ᠣᠷᠣᠯᠠᠨ | ᠭᠦᠢᠴᠡᠳᠬᠡᠬᠦ ᠠᠵᠢᠯᠲᠠᠨ ᠠᠴᠠ ᠰᠤᠮᠤ ᠰᠢᠶᠠᠩ ᠪᠠᠯᠭᠠᠰᠤ᠂ ᠬᠤᠰᠢᠭᠤᠨ ᠲᠠᠰ ᠤᠨ ᠬᠢᠨᠠᠨ ᠵᠥᠪᠰᠢᠶᠡᠷᠡᠬᠦ | ᠭᠦᠢᠴᠡᠳᠬᠡᠬᠦ ᠭᠤᠭᠴᠤᠭ᠎ᠠ ᠶᠢ ᠬᠠᠷᠢᠭᠤᠴᠠᠨ ᠬᠢᠵᠦ ᠳᠠᠭᠤᠰᠬᠠᠨ᠎ᠠ᠃ ᠬᠥᠳᠡᠯᠵᠦ ᠪᠠᠷᠢᠬᠤ ᠳᠤ ᠳᠥᠭᠦᠮ ᠦᠭᠡᠢ | ᠨᠠᠰᠤᠲᠠᠨ ᠵᠡᠷᠭᠡ ᠣᠨᠴᠠᠭᠠᠶ ᠬᠦᠮᠤᠰ ᠲᠤ ᠴᠢᠭᠯᠡᠭᠦᠯᠦᠨ᠂ ᠬᠠᠪᠰᠤᠷᠤᠨ ᠬᠦᠢᠴᠡᠳᠭᠡᠵᠤ ᠣᠷᠣᠯᠠᠨ ᠭᠦᠢᠴᠡᠳᠭᠡᠬᠦ | ᠠᠵᠢᠯᠳᠠᠨ ᠪᠠᠰᠠ ᠣᠯᠠᠨ ᠲᠦᠮᠡᠨ ᠤ ᠬᠡᠷ ᠢᠶᠠᠷ ᠭᠦᠨᠵᠡᠬᠡᠶᠢᠷᠡᠨ ᠭᠠᠷ ᠭᠦᠢᠴᠡᠳᠭᠡᠯ ᠬᠢᠵᠤ ᠦᠭᠬᠦᠨ᠂ ᠶᠡᠭᠡ ᠠᠴᠠ | ᠡᠯ᠎ᠡ ᠲᠥᠷᠥᠯ ᠤᠨ ᠨᠥᠬᠦᠪᠥᠷᠢ ᠭᠤᠶᠤᠴᠢᠯᠠᠬᠤ ᠠᠴᠠ ᠪᠠᠭ᠎ᠠ ᠠᠴᠠ ᠴᠠᠬᠢᠯᠭᠠᠨ ᠤ ᠰᠤᠶᠢᠳᠭᠡᠯ ᠣᠷᠣᠯᠠᠨ ᠲᠤᠰᠢᠶᠠᠬᠤ | ᠬᠦᠷᠲᠡᠯ᠎ᠡ ︽ᠨᠢᠭᠡ ᠦᠷᠳᠡᠭᠡᠴᠢᠯᠡᠬᠦ︾ ᠤᠶᠢᠯᠡᠴᠢᠯᠡᠭᠡ ᠶᠢ ︽ᠨᠠᠮ ᠤᠯᠠᠨ ᠲᠦᠮᠡᠨ ᠤ ᠠᠵᠢᠯ ᠤᠨ ᠤᠶᠢᠯᠡᠴᠢᠯᠡᠭᠡᠨ | ᠤ ᠲᠦᠪ︾ ᠠᠴᠠ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ ᠪᠤᠢ᠃ | ᠬᠤᠰᠢᠭᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠢ ᠵᠠᠪᠰᠠᠷ ᠥᠬᠡᠶ | ᠵᠣᠯᠭᠠᠭᠤᠯᠤᠭᠰᠠᠨ ︽ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠬᠦ︾ ᠬᠠᠪᠰᠤᠷᠤᠨ ᠭᠦᠢᠴᠡᠳᠬᠡᠬᠦ ᠣᠷᠣᠯᠠᠨ | ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮ ᠨᠢ ᠭᠠᠴᠠᠭ᠎ᠠ ᠲᠣᠰᠬᠤᠨ ᠤ ᠠᠷᠠᠳ ᠲᠤ ᠨᠠᠮ ᠣᠯᠠᠨ ᠲᠦᠮᠡᠨ ᠤ ᠠᠵᠢᠯ | ᠤᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠠᠰᠢᠭ ᠲᠤᠰᠠ ᠶᠢ ᠬᠦᠷᠲᠡᠭᠡᠵᠤ ᠪᠠᠶᠢᠨ᠎ᠠ᠃ |