| ᠵᠠᠯᠠᠶᠢᠳ ᠬᠤᠰᠢᠭᠤ ᠨᠠᠮ ᠤᠨ ᠲᠥᠪ ᠬᠤᠷᠢᠶᠡᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ | ᠬᠥᠮᠦᠵᠢᠯ ᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠡᠯ᠎ᠡ ᠵᠦᠢᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠶ ᠲᠥᠯᠥᠪᠵᠢᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠷ ᠰᠤᠷᠤᠯᠴᠠᠨ ᠪᠠᠶᠢᠴᠠᠭᠠᠵᠤ ᠰᠠᠶᠢᠵᠢᠷᠠᠭᠤᠯᠬᠤ ᠠᠵᠢᠯ ᠢ | ᠨᠢᠭᠡ ᠴᠤᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠬᠥᠭᠵᠢᠯᠲᠡ ᠶᠢ | ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠠᠢ᠃ | ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠦᠵᠡᠯ ᠰᠠᠨᠠᠭᠠᠨ ᠤ ᠰᠠᠭᠤᠷᠢ ᠶᠢ ᠪᠠᠲᠤ ᠴᠣᠭᠴᠠᠯᠠᠵᠠᠢ᠃ | ᠰᠤᠷᠤᠯᠴᠠᠵᠤ ᠰᠣᠳᠤᠯᠤᠨ ᠶᠠᠷᠢᠯᠴᠠᠬᠤ ᠠᠵᠢᠯ ᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠡᠯ᠎ᠡ ᠱᠠᠲᠤᠨ ᠤ | ᠤᠳᠤᠷᠢᠳᠬᠤ ᠪᠠᠭ ᠰᠤᠷᠤᠯᠴᠠᠯᠭ᠎ᠠ ᠬᠦᠮᠦᠵᠢᠯ ᠤᠨ ᠨᠣᠮ ᠤᠩᠰᠢᠬᠤ ᠠᠩᠭᠢ ᠶᠢ 87 ᠬᠤᠭᠤᠴᠠᠭ᠎ᠠ ᠡᠷᠬᠢᠯᠡᠵᠦ᠂ | ᠲᠤᠰᠬᠠᠢ ᠰᠡᠳᠦᠪᠲᠦ ᠰᠤᠷᠤᠯᠴᠠᠯᠭ᠎ᠠ ᠶᠠᠷᠢᠯᠴᠠᠭ᠎ᠠ ᠶᠢ 82 ᠤᠳᠠᠭ᠎ᠠ ᠥᠷᠨᠢᠭᠦᠯᠪᠡ᠃ ᠡᠯ᠎ᠡ ᠦᠨᠳᠦᠰᠦᠨ ᠱᠠᠲᠤᠨ ᠤ | ᠨᠠᠮ ᠤᠨ ᠡᠭᠦᠷ ᠭᠤᠤᠯ ᠰᠡᠳᠦᠪᠲᠦ ᠨᠠᠮ ᠤᠨ ᠡᠳᠦᠷᠯᠢᠭ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ | ᠠᠴᠢᠶᠠᠯᠠᠪᠤᠷᠢ ᠪᠠᠷ ᠳᠠᠮᠵᠢᠭᠤᠯᠤᠨ 1088 ᠤᠳᠠᠭ᠎ᠠ ᠲᠥᠪᠯᠡᠷᠡᠭᠦᠯᠦᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ | ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠲᠥᠪ ᠤᠨ | ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠣᠭ | ᠵᠣᠬᠢᠶᠠᠯ ᠤᠨ ᠤᠭ ᠶᠣᠰᠣ ᠶᠢ ᠣᠨᠣᠪᠴᠢᠲᠠᠶ ᠡᠵᠡᠮᠰᠢᠵᠦ᠂ ᠭᠤᠤᠯ ᠠᠭᠤᠯᠭ᠎ᠠ ᠶᠢ ᠪᠥᠬᠦ ᠲᠠᠯ᠎ᠠ ᠪᠠᠷ ᠣᠶᠢᠯᠠᠭᠠᠵᠤ᠂ | ᠦᠨᠡᠨ ᠬᠦ ᠰᠡᠳᠬᠢᠯ ᠳᠡᠭᠡᠨ ᠰᠢᠩᠭᠡᠭᠡᠨ ᠤᠶᠢᠯᠡᠳᠤᠯᠵᠢᠭᠡᠬᠦᠯᠵᠤ᠂ ᠲᠡᠮᠦᠷ ᠮᠡᠳᠤ ᠶᠣᠰᠣ ᠲᠦᠷᠢᠮ᠂ ᠬᠠᠲᠠᠭᠤ | ᠪᠠᠷᠢᠮᠵᠢᠶ᠎ᠠ ᠶᠢ ᠦᠨᠡᠨ ᠬᠦ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠠᠢ᠃ | ᠨᠠᠷᠢᠯᠢᠭ ᠣᠨᠣᠴᠠᠲᠠᠶ ᠪᠠᠷ ᠪᠠᠶᠢᠴᠠᠭᠠᠨ ᠳᠡᠯᠭᠡᠵᠦ᠂ ᠠᠰᠠᠭᠤᠳᠠᠯ ᠤᠨ ᠵᠠᠩᠭᠢᠯᠠᠭ᠎ᠠ ᠳᠤ ᠰᠢᠭᠤᠳ ᠬᠠᠨᠳᠤᠵᠠᠢ᠃ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠥᠪᠡᠷ ᠢᠶᠠᠨ ᠪᠠᠶᠢᠴᠠᠭᠠᠬᠤ᠂ ᠤᠯᠠᠨ ᠲᠦᠮᠡᠨ ᠲᠠᠢ ᠬᠠᠷᠢᠯᠴᠠᠵᠤ | ᠬᠠᠮᠲᠤ ᠪᠠᠷ ᠪᠠᠶᠢᠴᠠᠭᠠᠬᠤ᠂ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠶᠢ ᠬᠠᠷᠢᠴᠠᠭᠤᠯᠤᠨ ᠪᠠᠶᠢᠴᠠᠭᠠᠬᠤ ᠶᠢ | ᠪᠠᠷᠢᠮᠲᠠᠯᠠᠵᠤ᠂ 7 ᠵᠦᠢᠯ ᠤᠨ ᠠᠷᠭ᠎ᠠ ᠵᠠᠮ ᠢ ᠭᠦᠢᠴᠡᠳ ᠬᠡᠷᠡᠭᠯᠡᠵᠦ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ | ᠵᠢᠴᠢ ᠭᠤᠣᠯᠳᠠᠯᠭ᠎ᠠ ᠲᠠᠢ ᠠᠵᠢᠯ ᠤᠨ ᠪᠠᠶᠢᠷᠢ ᠶᠢ ᠴᠢᠩᠭ᠎ᠠ ᠠᠩᠬᠠᠷᠴᠤ᠂ ᠤᠳᠤᠷᠢᠳᠬᠤ ᠺᠠᠳ᠋ᠷ᠂ ᠵᠠᠯᠠᠭᠤ ᠺᠠᠳ᠋ᠷ ᠵᠡᠷᠭᠡ | ᠵᠠᠩᠭᠢᠯᠠᠭ᠎ᠠ ᠶᠢᠨ ᠬᠥᠮᠦᠰ ᠲᠤ ᠲᠤᠰᠬᠠᠢ ᠪᠠᠶᠢᠴᠠᠭᠠᠯᠲᠠ ᠬᠢᠵᠦ᠂ ᠦᠨᠡᠨ ᠠᠴᠠ ᠵᠥᠪ ᠢ ᠡᠷᠢᠵᠦ ᠠᠰᠠᠭᠤᠳᠠᠯ ᠢ ᠡᠷᠢᠨ | ᠭᠠᠷᠭᠠᠵᠤ᠂ ︽ᠠᠰᠠᠭᠤᠳᠠᠯ ᠤᠨ ᠨᠠᠷᠢᠨ ᠲᠠᠩᠰᠠ︾ ᠶᠢ ᠣᠨᠣᠪᠴᠢᠲᠠᠢ ᠵᠢᠭᠰᠠᠭᠠᠬᠤ ᠬᠡᠷᠡᠭᠲᠡᠢ᠃ ᠪᠥᠬᠦ | ᠬᠤᠰᠢᠭᠤᠨ ᠤ ᠡᠯ᠎ᠡ ᠱᠠᠲᠤᠨ ᠤ ᠤᠳᠤᠷᠢᠳᠬᠤ ᠪᠠᠭ ᠤᠨ ᠪᠠᠶᠢᠴᠠᠭᠠᠨ ᠲᠡᠯᠭᠡᠭᠰᠡᠨ ᠠᠰᠠᠭᠤᠳᠠᠯ546 ᠵᠤᠷᠪᠤᠰ᠂ | ᠤᠳᠤᠷᠢᠳᠬᠤ ᠺᠠᠳ᠋ᠷ ᠬᠤᠪᠢ ᠬᠥᠮᠦᠨ ᠤ ᠪᠠᠶᠢᠴᠠᠭᠠᠨ ᠲᠡᠯᠭᠡᠭᠰᠡᠨ ᠠᠰᠠᠭᠤᠳᠠᠯ 3290 ᠵᠤᠷᠪᠤᠰ᠂ ᠵᠠᠯᠠᠭᠤ | ᠤᠳᠤᠷᠢᠳᠬᠤ ᠺᠠᠳ᠋ᠷᠴᠤᠳ 6 ᠲᠠᠯ᠎ᠠ ᠪᠠᠷ ᠬᠠᠷᠢᠴᠠᠭᠤᠯᠤᠨ 52 ᠵᠤᠷᠪᠤᠰ ᠠᠰᠠᠭᠤᠳᠠᠯ ᠢ ᠪᠠᠶᠢᠴᠠᠭᠠᠨ ᠳᠡᠯᠭᠡᠵᠦ᠂ | ᠵᠠᠯᠠᠭᠤ ᠺᠠᠳ᠋ᠷᠴᠤᠳ ᠠᠵᠢᠯ ᠤᠨ ᠪᠠᠶᠢᠷᠢ ᠶᠢᠨ ᠲᠦᠭᠰᠢᠭᠦᠷᠢ ᠶᠢᠨ ᠴᠡᠭ ᠢ 708 ᠵᠢᠭᠰᠠᠭᠠᠨ ᠪᠠᠶᠢᠴᠠᠭᠠᠪᠠ᠃ | ᠯᠠᠪᠳᠠᠭᠤᠨ ᠪᠠᠲᠤᠲᠠᠶ ᠴᠡᠭᠴᠡᠯᠡᠨ ᠰᠠᠶᠢᠵᠢᠷᠠᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ | ᠪᠠᠲᠤᠯᠠᠵᠠᠢ᠃ ᠴᠢᠩᠭ᠎ᠠ ᠪᠥᠭᠡᠳ ᠪᠣᠳᠠᠲᠠᠶ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ | ᠳᠣᠪᠤᠶᠢᠯᠭᠠᠵᠤ᠂ ᠪᠠᠶᠢᠴᠠᠭᠠᠨ ᠳᠡᠯᠭᠡᠵᠦ ᠢᠯᠡᠷᠡᠭᠦᠯᠦᠭᠰᠡᠨ ᠡᠩ ᠤᠨ ᠠᠰᠠᠭᠤᠳᠠᠯ ᠳᠤ ᠴᠢᠭᠯᠡᠭᠦᠯᠦᠨ ᠲᠠᠷᠤᠶᠢᠬᠠᠨ | ᠬᠡᠷᠡᠭᠵᠢᠭᠦᠯᠵᠦ ᠲᠠᠷᠤᠶᠢᠬᠠᠨ ᠥᠭᠡᠷᠡᠴᠢᠯᠡᠵᠦ᠂ ᠲᠥᠪᠯᠡᠷᠡᠩᠭᠦᠶ ᠴᠢᠨᠠᠷᠲᠠᠶ᠂ ᠠᠮᠠᠷᠬᠠᠨ ᠣᠯᠠᠨ ᠡᠭᠦᠰᠬᠦ ᠲᠣᠪᠤᠶᠢᠮ᠎ᠠ | ᠠᠰᠠᠭᠤᠳᠠᠯ ᠳᠤ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ | ᠨᠠᠷᠢᠨ ᠲᠠᠩᠰᠠᠴᠢᠯᠠᠭᠰᠠᠨ᠂ ᠲᠥᠷᠥᠯ ᠵᠦᠢᠯᠴᠢᠯᠡᠭᠰᠡᠨ ᠠᠬᠢᠭᠤᠯᠬᠤ ᠲᠣᠭᠲᠠᠴᠠ ᠶᠢ ᠪᠠᠶᠢᠭᠤᠯᠤᠨ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠠᠢ᠃ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠤᠯᠤᠰ ᠲᠥᠷᠥ ᠶᠢᠨ ᠲᠤᠭᠤᠷᠢᠨ | ᠪᠠᠶᠢᠴᠠᠭᠠᠯᠲᠠ ᠶᠢᠨ ᠴᠢᠬᠤᠯᠠ ᠠᠭᠤᠯᠭ᠎ᠠ ᠳᠤ ᠣᠷᠣᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠠᠢ᠃ ᠣᠳᠣᠬᠠᠨ ᠳᠤ ᠪᠥᠬᠦ ᠬᠤᠰᠢᠭᠤᠨ ᠳᠤ ᠲᠥᠪᠯᠡᠷᠡᠭᠦᠯᠦᠨ | ᠴᠡᠭᠴᠡᠯᠡᠨ ᠵᠠᠰᠠᠬᠤ 134 ᠠᠰᠠᠭᠤᠳᠠᠯ ᠢ ᠲᠣᠭᠲᠠᠭᠠᠵᠤ᠂ 205 ᠵᠤᠷᠪᠤᠰ ᠴᠡᠭᠴᠡᠯᠡᠨ ᠵᠠᠰᠠᠬᠤ ᠠᠷᠭ᠎ᠠ ᠬᠡᠮᠵᠢᠶ᠎ᠡ | ᠲᠣᠭᠲᠠᠭᠠᠪᠠ᠃ |