ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠪᠡᠭᠡᠵᠢᠩ ᠬᠤᠳᠠᠨ ᠳᠤ ᠬᠦᠷᠴᠦ ᠠᠵᠢᠯ ᠵᠣᠯᠭᠠᠭᠤᠯᠪᠠ
ᠨᠡᠶᠢᠲᠡᠯᠡᠭᠰᠡᠨ ᠴᠠᠭ᠄
2025/5/12
   ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠠᠵᠢᠯᠯᠠᠭ᠎ᠠ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 10 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠶᠢᠨ ᠲᠤᠬᠠᠢ᠂ ᠪᠡᠭᠡᠵᠢᠩ ᠤᠨ ᠰᠢᠨ ᠹᠠ ᠳ᠋ᠢ ᠵᠠᠬ᠎ᠠ ᠳᠡᠯᠭᠡᠭᠦᠷ ᠢᠶᠠᠷ ᠬᠦᠷᠴᠦ ᠰᠢᠨᠵᠢᠯᠡᠨ ᠪᠠᠶᠢᠴᠠᠭᠠᠵᠤ ᠠᠵᠢᠯ ᠵᠣᠯᠭᠠᠭᠤᠯᠪᠠ᠃   ᠴᠢ ᠯᠢᠨ ᠰᠢᠨ ᠹᠠ ᠳ᠋ᠢ ᠵᠠᠬ᠎ᠠ ᠳᠡᠯᠭᠡᠭᠦᠷ ᠤᠨ ᠶᠡᠷᠤᠩᠬᠡᠢ ᠠᠷᠠᠯᠵᠢᠶᠠᠨ ᠤ ᠶᠡᠭᠡ ᠲᠢᠩᠬᠢᠮ᠂ ᠠᠷᠢᠭᠤᠨ ᠴᠡᠪᠡᠷ  ᠰᠢᠨ᠎ᠠ ᠰᠤᠷᠭᠤᠭ ᠨᠣᠭᠤᠭ᠎ᠠ ᠶᠢᠨ ᠠᠵᠤ ᠦᠢᠯᠡᠰ ᠤᠨ ᠬᠦᠷᠢᠶᠡᠯᠡᠩ᠂ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ᠂ ᠲᠠᠷᠢᠶᠠᠯᠠᠩ ᠤᠨ ᠶᠡᠭᠡ ᠦᠵᠡᠰᠬᠦᠯᠡᠩ ᠤᠨ ᠣᠷᠳᠣᠨ ᠵᠢᠴᠢ ᠸᠧᠢ ᠵᠢᠶᠠ ᠠᠮᠤ ᠪᠤᠳᠠᠭᠠᠨ ᠤ ᠦᠢᠯᠡᠰ ᠤᠨ ᠪᠣᠷᠣᠯᠠᠭᠤᠯᠭ᠎ᠠ ᠶᠢᠨ ᠲᠡᠯᠭᠡᠬᠦᠷ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠶᠠᠷᠢᠯᠴᠠᠬᠤ ᠬᠤᠷᠠᠯ ᠳᠡᠭᠡᠷ᠎ᠡ ᠬᠤᠶᠠᠷ ᠲᠠᠯ᠎ᠠ ᠪᠠᠷ ᠢᠶᠠᠨ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠲᠦᠭᠵᠢᠷᠡᠯ ᠤᠨ ᠴᠡᠭ ᠢ ᠨᠡᠪᠲᠡᠷᠡᠭᠦᠯᠬᠦ ᠵᠢᠴᠢ ᠵᠠᠯᠠᠶᠢᠳ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠢ ᠥᠷᠭᠡᠳᠬᠡᠬᠦ ᠵᠡᠷᠭᠡ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠪᠠ᠃     ᠬᠤᠰᠢᠭᠤᠨ ᠤ ᠤᠳᠤᠷᠢᠳᠤᠯᠭ᠎ᠠ ᠶᠠᠩ ᠱᠦᠸᠧ᠂ ᠸᠠᠩ ᠵᠠᠨ ᠵᠢᠶᠦ᠋ᠨ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠵᠤ ᠵᠣᠯᠭᠠᠭᠤᠯᠬᠤ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号