ᠵᠠᠯᠠᠶᠢᠳ ᠬᠤᠰᠢᠭᠤ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠶᠢ ᠨᠢᠭᠡ ᠴᠤᠭᠴᠠᠵᠢᠭᠤᠯᠤᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/5/12
  ᠵᠠᠯᠠᠶᠢᠳ ᠬᠤᠰᠢᠭᠤ ᠨᠠᠮ ᠤᠨ ᠲᠥᠪ ᠬᠤᠷᠢᠶᠡᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠶ ᠲᠥᠯᠥᠪᠵᠢᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠷ ᠰᠤᠷᠤᠯᠴᠠᠨ ᠪᠠᠶᠢᠴᠠᠭᠠᠵᠤ ᠰᠠᠶᠢᠵᠢᠷᠠᠭᠤᠯᠬᠤ ᠠᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠠᠢ᠃     ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠦᠵᠡᠯ ᠰᠠᠨᠠᠭᠠᠨ ᠤ ᠰᠠᠭᠤᠷᠢ ᠶᠢ ᠪᠠᠲᠤ ᠴᠣᠭᠴᠠᠯᠠᠵᠠᠢ᠃ ᠰᠤᠷᠤᠯᠴᠠᠵᠤ ᠰᠣᠳᠤᠯᠤᠨ ᠶᠠᠷᠢᠯᠴᠠᠬᠤ ᠠᠵᠢᠯ ᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠡᠯ᠎ᠡ ᠱᠠᠲᠤᠨ ᠤ ᠤᠳᠤᠷᠢᠳᠬᠤ ᠪᠠᠭ ᠰᠤᠷᠤᠯᠴᠠᠯᠭ᠎ᠠ ᠬᠦᠮᠦᠵᠢᠯ ᠤᠨ ᠨᠣᠮ ᠤᠩᠰᠢᠬᠤ ᠠᠩᠭᠢ ᠶᠢ 87 ᠬᠤᠭᠤᠴᠠᠭ᠎ᠠ ᠡᠷᠬᠢᠯᠡᠵᠦ᠂ ᠲᠤᠰᠬᠠᠢ ᠰᠡᠳᠦᠪᠲᠦ ᠰᠤᠷᠤᠯᠴᠠᠯᠭ᠎ᠠ ᠶᠠᠷᠢᠯᠴᠠᠭ᠎ᠠ ᠶᠢ 82 ᠤᠳᠠᠭ᠎ᠠ ᠥᠷᠨᠢᠭᠦᠯᠪᠡ᠃ ᠡᠯ᠎ᠡ ᠦᠨᠳᠦᠰᠦᠨ ᠱᠠᠲᠤᠨ ᠤ ᠨᠠᠮ ᠤᠨ ᠡᠭᠦᠷ ᠭᠤᠤᠯ ᠰᠡᠳᠦᠪᠲᠦ ᠨᠠᠮ ᠤᠨ ᠡᠳᠦᠷᠯᠢᠭ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠠᠴᠢᠶᠠᠯᠠᠪᠤᠷᠢ ᠪᠠᠷ ᠳᠠᠮᠵᠢᠭᠤᠯᠤᠨ 1088 ᠤᠳᠠᠭ᠎ᠠ ᠲᠥᠪᠯᠡᠷᠡᠭᠦᠯᠦᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠣᠭ ᠵᠣᠬᠢᠶᠠᠯ ᠤᠨ ᠤᠭ ᠶᠣᠰᠣ ᠶᠢ ᠣᠨᠣᠪᠴᠢᠲᠠᠶ ᠡᠵᠡᠮᠰᠢᠵᠦ᠂ ᠭᠤᠤᠯ ᠠᠭᠤᠯᠭ᠎ᠠ ᠶᠢ ᠪᠥᠬᠦ ᠲᠠᠯ᠎ᠠ ᠪᠠᠷ ᠣᠶᠢᠯᠠᠭᠠᠵᠤ᠂ ᠦᠨᠡᠨ ᠬᠦ ᠰᠡᠳᠬᠢᠯ ᠳᠡᠭᠡᠨ ᠰᠢᠩᠭᠡᠭᠡᠨ ᠤᠶᠢᠯᠡᠳᠤᠯᠵᠢᠭᠡᠬᠦᠯᠵᠤ᠂ ᠲᠡᠮᠦᠷ ᠮᠡᠳᠤ ᠶᠣᠰᠣ ᠲᠦᠷᠢᠮ᠂ ᠬᠠᠲᠠᠭᠤ ᠪᠠᠷᠢᠮᠵᠢᠶ᠎ᠠ ᠶᠢ ᠦᠨᠡᠨ ᠬᠦ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠠᠢ᠃   ᠨᠠᠷᠢᠯᠢᠭ ᠣᠨᠣᠴᠠᠲᠠᠶ ᠪᠠᠷ ᠪᠠᠶᠢᠴᠠᠭᠠᠨ ᠳᠡᠯᠭᠡᠵᠦ᠂ ᠠᠰᠠᠭᠤᠳᠠᠯ ᠤᠨ ᠵᠠᠩᠭᠢᠯᠠᠭ᠎ᠠ ᠳᠤ ᠰᠢᠭᠤᠳ ᠬᠠᠨᠳᠤᠵᠠᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠥᠪᠡᠷ ᠢᠶᠠᠨ ᠪᠠᠶᠢᠴᠠᠭᠠᠬᠤ᠂ ᠤᠯᠠᠨ ᠲᠦᠮᠡᠨ ᠲᠠᠢ ᠬᠠᠷᠢᠯᠴᠠᠵᠤ ᠬᠠᠮᠲᠤ ᠪᠠᠷ ᠪᠠᠶᠢᠴᠠᠭᠠᠬᠤ᠂ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠶᠢ ᠬᠠᠷᠢᠴᠠᠭᠤᠯᠤᠨ ᠪᠠᠶᠢᠴᠠᠭᠠᠬᠤ ᠶᠢ ᠪᠠᠷᠢᠮᠲᠠᠯᠠᠵᠤ᠂ 7 ᠵᠦᠢᠯ ᠤᠨ ᠠᠷᠭ᠎ᠠ ᠵᠠᠮ ᠢ ᠭᠦᠢᠴᠡᠳ ᠬᠡᠷᠡᠭᠯᠡᠵᠦ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠵᠢᠴᠢ ᠭᠤᠣᠯᠳᠠᠯᠭ᠎ᠠ ᠲᠠᠢ ᠠᠵᠢᠯ ᠤᠨ ᠪᠠᠶᠢᠷᠢ ᠶᠢ ᠴᠢᠩᠭ᠎ᠠ ᠠᠩᠬᠠᠷᠴᠤ᠂ ᠤᠳᠤᠷᠢᠳᠬᠤ ᠺᠠᠳ᠋ᠷ᠂ ᠵᠠᠯᠠᠭᠤ ᠺᠠᠳ᠋ᠷ ᠵᠡᠷᠭᠡ ᠵᠠᠩᠭᠢᠯᠠᠭ᠎ᠠ ᠶᠢᠨ ᠬᠥᠮᠦᠰ ᠲᠤ ᠲᠤᠰᠬᠠᠢ ᠪᠠᠶᠢᠴᠠᠭᠠᠯᠲᠠ ᠬᠢᠵᠦ᠂ ᠦᠨᠡᠨ ᠠᠴᠠ ᠵᠥᠪ ᠢ ᠡᠷᠢᠵᠦ ᠠᠰᠠᠭᠤᠳᠠᠯ ᠢ ᠡᠷᠢᠨ ᠭᠠᠷᠭᠠᠵᠤ᠂ ︽ᠠᠰᠠᠭᠤᠳᠠᠯ ᠤᠨ ᠨᠠᠷᠢᠨ ᠲᠠᠩᠰᠠ︾ ᠶᠢ ᠣᠨᠣᠪᠴᠢᠲᠠᠢ ᠵᠢᠭᠰᠠᠭᠠᠬᠤ ᠬᠡᠷᠡᠭᠲᠡᠢ᠃ ᠪᠥᠬᠦ ᠬᠤᠰᠢᠭᠤᠨ ᠤ ᠡᠯ᠎ᠡ ᠱᠠᠲᠤᠨ ᠤ ᠤᠳᠤᠷᠢᠳᠬᠤ ᠪᠠᠭ  ᠤᠨ ᠪᠠᠶᠢᠴᠠᠭᠠᠨ ᠲᠡᠯᠭᠡᠭᠰᠡᠨ ᠠᠰᠠᠭᠤᠳᠠᠯ546 ᠵᠤᠷᠪᠤᠰ᠂ ᠤᠳᠤᠷᠢᠳᠬᠤ ᠺᠠᠳ᠋ᠷ ᠬᠤᠪᠢ ᠬᠥᠮᠦᠨ ᠤ ᠪᠠᠶᠢᠴᠠᠭᠠᠨ ᠲᠡᠯᠭᠡᠭᠰᠡᠨ ᠠᠰᠠᠭᠤᠳᠠᠯ 3290 ᠵᠤᠷᠪᠤᠰ᠂ ᠵᠠᠯᠠᠭᠤ ᠤᠳᠤᠷᠢᠳᠬᠤ ᠺᠠᠳ᠋ᠷᠴᠤᠳ 6 ᠲᠠᠯ᠎ᠠ ᠪᠠᠷ ᠬᠠᠷᠢᠴᠠᠭᠤᠯᠤᠨ 52 ᠵᠤᠷᠪᠤᠰ ᠠᠰᠠᠭᠤᠳᠠᠯ ᠢ ᠪᠠᠶᠢᠴᠠᠭᠠᠨ ᠳᠡᠯᠭᠡᠵᠦ᠂ ᠵᠠᠯᠠᠭᠤ ᠺᠠᠳ᠋ᠷᠴᠤᠳ ᠠᠵᠢᠯ ᠤᠨ ᠪᠠᠶᠢᠷᠢ ᠶᠢᠨ ᠲᠦᠭᠰᠢᠭᠦᠷᠢ ᠶᠢᠨ ᠴᠡᠭ ᠢ 708 ᠵᠢᠭᠰᠠᠭᠠᠨ ᠪᠠᠶᠢᠴᠠᠭᠠᠪᠠ᠃ ᠯᠠᠪᠳᠠᠭᠤᠨ ᠪᠠᠲᠤᠲᠠᠶ ᠴᠡᠭᠴᠡᠯᠡᠨ ᠰᠠᠶᠢᠵᠢᠷᠠᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠠᠢ᠃ ᠴᠢᠩᠭ᠎ᠠ ᠪᠥᠭᠡᠳ ᠪᠣᠳᠠᠲᠠᠶ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠳᠣᠪᠤᠶᠢᠯᠭᠠᠵᠤ᠂ ᠪᠠᠶᠢᠴᠠᠭᠠᠨ ᠳᠡᠯᠭᠡᠵᠦ ᠢᠯᠡᠷᠡᠭᠦᠯᠦᠭᠰᠡᠨ ᠡᠩ ᠤᠨ ᠠᠰᠠᠭᠤᠳᠠᠯ ᠳᠤ ᠴᠢᠭᠯᠡᠭᠦᠯᠦᠨ ᠲᠠᠷᠤᠶᠢᠬᠠᠨ ᠬᠡᠷᠡᠭᠵᠢᠭᠦᠯᠵᠦ  ᠲᠠᠷᠤᠶᠢᠬᠠᠨ ᠥᠭᠡᠷᠡᠴᠢᠯᠡᠵᠦ᠂ ᠲᠥᠪᠯᠡᠷᠡᠩᠭᠦᠶ ᠴᠢᠨᠠᠷᠲᠠᠶ᠂ ᠠᠮᠠᠷᠬᠠᠨ ᠣᠯᠠᠨ ᠡᠭᠦᠰᠬᠦ ᠲᠣᠪᠤᠶᠢᠮ᠎ᠠ ᠠᠰᠠᠭᠤᠳᠠᠯ ᠳᠤ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠷᠢᠨ ᠲᠠᠩᠰᠠᠴᠢᠯᠠᠭᠰᠠᠨ᠂ ᠲᠥᠷᠥᠯ ᠵᠦᠢᠯᠴᠢᠯᠡᠭᠰᠡᠨ ᠠᠬᠢᠭᠤᠯᠬᠤ ᠲᠣᠭᠲᠠᠴᠠ ᠶᠢ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠠᠢ᠃ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠤᠯᠤᠰ ᠲᠥᠷᠥ ᠶᠢᠨ ᠲᠤᠭᠤᠷᠢᠨ ᠪᠠᠶᠢᠴᠠᠭᠠᠯᠲᠠ ᠶᠢᠨ ᠴᠢᠬᠤᠯᠠ ᠠᠭᠤᠯᠭ᠎ᠠ ᠳᠤ ᠣᠷᠣᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠠᠢ᠃ ᠣᠳᠣᠬᠠᠨ ᠳᠤ ᠪᠥᠬᠦ ᠬᠤᠰᠢᠭᠤᠨ ᠳᠤ ᠲᠥᠪᠯᠡᠷᠡᠭᠦᠯᠦᠨ ᠴᠡᠭᠴᠡᠯᠡᠨ ᠵᠠᠰᠠᠬᠤ 134 ᠠᠰᠠᠭᠤᠳᠠᠯ ᠢ ᠲᠣᠭᠲᠠᠭᠠᠵᠤ᠂ 205 ᠵᠤᠷᠪᠤᠰ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠲᠣᠭᠲᠠᠭᠠᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号