ᠪᠠᠶᠠᠨᠵᠢᠯᠠᠭ᠎ᠠ ᠰᠢᠶᠠᠩ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠮᠡᠷᠭᠡᠵᠢᠯ ᠢ ᠶᠡᠬᠡᠪᠡᠷ ᠲᠡᠯᠭᠡᠷᠡᠬᠦᠯᠵᠤ ᠪᠤᠢ
ᠨᠡᠶᠢᠲᠡᠯᠡᠭᠰᠡᠨ ᠴᠠᠭ᠄
2025/5/13
      ᠤᠶᠢᠷ᠎ᠠ ᠶᠢᠨ ᠵᠢᠯ ᠠᠴᠠ ᠨᠠᠰᠢ᠂ ᠵᠠᠯᠠᠶᠢᠳ ᠬᠤᠰᠢᠭᠤᠨ ᠤ ᠪᠠᠶᠠᠨᠵᠢᠯᠠᠭ᠎ᠠ ᠰᠢᠶᠠᠩ ᠡᠰᠢ ᠰᠦᠷᠡᠯ ᠢ ᠴᠡᠪᠡᠷᠯᠡᠬᠦ ᠦᠭᠡᠢ ᠪᠠᠷ ᠰᠢᠭᠤᠳ ᠲᠠᠷᠢᠶ᠎ᠠ ᠲᠠᠷᠢᠵᠤ ᠪᠣᠯᠬᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠦᠲᠦᠮᠵᠢᠲᠡᠢ ᠠᠬᠢᠭᠤᠯᠵᠤ ᠪᠤᠢ᠃      ᠪᠠᠶᠠᠨᠵᠢᠯᠠᠭ᠎ᠠ ᠰᠢᠶᠠᠩ ᠤᠨ ᠹᠧᠩ ᠴᠠᠨ ᠼᠦᠨ ᠲᠣᠰᠬᠤᠨ ᠤ ᠲᠠᠷᠢᠶᠠᠨ ᠭᠠᠵᠠᠷ ᠲᠤ᠂ ᠬᠠᠭᠠᠯᠪᠤᠷᠢᠯᠠᠬᠤ ᠦᠭᠡᠢ ᠪᠠᠷ ᠲᠠᠷᠢᠬᠤ ᠮᠠᠰᠢᠨ ᠢᠶᠠᠷ ᠲᠠᠷᠢᠶ᠎ᠠ ᠲᠠᠷᠢᠬᠤ ᠶᠢ ᠳᠠᠭᠠᠯᠳᠤᠨ᠂ ᠨᠢᠭᠡ ᠨᠢᠭᠡ ᠮᠦᠬᠦᠯᠢᠭ ᠠᠯᠲᠠᠨ ᠰᠢᠷᠭᠠᠯ ᠦᠷ᠎ᠡ ᠶᠢ ᠬᠦᠷᠤᠰᠤᠨ ᠳᠤ ᠰᠠᠴᠤᠵᠤ᠂ ᠭᠤᠤ ᠭᠠᠷᠭᠠᠬᠤ᠂ ᠪᠤᠷᠳᠤᠭᠤᠷ ᠣᠷᠣᠭᠤᠯᠬᠤ᠂ ᠲᠠᠷᠢᠬᠤ᠂ ᠰᠢᠷᠣᠢ ᠬᠥᠷᠪᠡᠭᠦᠯᠬᠦ ᠵᠡᠷᠭᠡ ᠠᠵᠢᠯ ᠢ ᠨᠢᠭᠡ ᠯᠡ ᠤᠳᠠᠭ᠎ᠠ ᠳᠤ ᠪᠡᠶᠡᠯᠡᠬᠦᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠲᠦᠷᠭᠡᠳᠭᠡᠵᠤ ᠪᠤᠢ᠃      ︽ᠬᠠᠭᠠᠯᠪᠤᠷᠢᠯᠠᠬᠤ ᠦᠭᠡᠢ ᠪᠠᠷ ᠲᠠᠷᠢᠬᠤ ᠮᠠᠰᠢᠨ ᠢᠶᠠᠷ ᠲᠠᠷᠢᠶ᠎ᠠ ᠲᠠᠷᠢᠬᠤ ᠨᠢ ᠮᠠᠰᠢ ᠰᠠᠶᠢᠨ᠂ ᠪᠤᠷᠳᠤᠭᠤᠷ ᠦᠷ᠎ᠡ ᠪᠠᠨ ᠠᠷᠪᠢᠯᠠᠭᠰᠠᠨ ᠢᠶᠠᠷ ᠪᠠᠷᠠᠬᠤ ᠦᠭᠡᠢ᠂ ᠬᠦᠮᠦᠨ ᠤ ᠬᠦᠴᠦ ᠪᠠᠨ ᠪᠠᠰᠠ ᠠᠷᠪᠢᠯᠠᠵᠠᠢ᠃ ᠵᠢᠯ ᠪᠦᠷᠢ ᠬᠠᠭᠠᠯᠪᠤᠷᠢᠯᠠᠬᠤ ᠦᠭᠡᠢ ᠮᠠᠰᠢᠨ ᠢᠶᠠᠷ ᠬᠤᠶᠠᠷ ᠭᠤᠷᠪᠠᠨ ᠵᠠᠭᠤᠨ ᠮᠦ ᠲᠠᠷᠢᠶ᠎ᠠ ᠲᠠᠷᠢᠵᠤ ᠲᠠᠷᠢᠵᠤ ᠪᠠᠶᠢᠨ᠎ᠠ︾ ᠭᠡᠵᠤ ᠵᠠᠯᠠᠶᠢᠳ ᠬᠤᠰᠢᠭᠤᠨ ᠤ ᠪᠠᠶᠠᠨᠵᠢᠯᠠᠭ᠎ᠠ ᠰᠢᠶᠠᠩ ᠤᠨ ᠹᠧᠩ ᠴᠠᠨ ᠲᠣᠰᠬᠤᠨ ᠤ ᠲᠠᠷᠢᠶᠠᠴᠢᠨ ᠡᠷᠦᠬᠡ ᠯᠢᠦ ᠴᠤᠤ ᠬᠡᠯᠡᠪᠡ᠃      ᠬᠡᠳᠦᠨ ᠵᠢᠯ ᠤᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠲᠥᠷᠥᠯ ᠵᠦᠢᠯ ᠢ ᠳᠡᠯᠭᠡᠷᠡᠭᠦᠯᠬᠦ ᠪᠠᠷ ᠳᠠᠮᠵᠢᠨ᠂ ᠪᠠᠶᠠᠨᠵᠢᠯᠠᠭ᠎ᠠ ᠰᠢᠶᠠᠩ ᠤᠨ ᠬᠠᠭᠠᠯᠪᠤᠷᠢᠯᠠᠬᠤ ᠦᠭᠡᠢ ᠪᠠᠷ ᠲᠠᠷᠢᠶ᠎ᠠ ᠲᠠᠷᠢᠬᠤ ᠲᠠᠯᠠᠪᠠᠢ ᠵᠢᠯ ᠳᠠᠷᠠᠭᠠᠯᠠᠨ ᠨᠡᠮᠡᠭᠳᠡᠪᠡ᠃ ᠡᠨᠡ ᠵᠢᠯ᠂ ᠪᠠᠶᠠᠨᠵᠢᠯᠠᠭ᠎ᠠ ᠰᠢᠶᠠᠩ ᠤᠨ ᠡᠷᠳᠡᠨᠢ ᠰᠢᠰᠢ ᠳᠠᠷᠢᠬᠤ ᠲᠠᠯᠠᠪᠠᠶ ᠪᠠᠷᠤᠭ 17 ᠲᠦᠮᠡᠨ ᠮᠥ  ᠳᠤ ᠬᠦᠷᠴᠤ᠂ 15 ᠲᠦᠮᠡᠨ ᠮᠥ ᠶᠢ ᠨᠢ ᠬᠠᠭᠠᠯᠪᠤᠷᠢᠯᠠᠬᠤ ᠦᠭᠡᠢ ᠪᠠᠷ ᠲᠠᠷᠢᠬᠤ ᠪᠠᠷ ᠲᠥᠯᠥᠪᠯᠡᠵᠦ᠂ 190 ᠭᠠᠷᠤᠶ ᠬᠠᠭᠠᠯᠪᠤᠷᠢᠯᠠᠬᠤ ᠥᠬᠡᠶ ᠪᠠᠷ ᠳᠠᠷᠢᠬᠤ ᠮᠠᠰᠢᠨ ᠢ ᠨᠢᠭᠡᠨᠲᠡ ᠣᠶᠤᠨᠴᠢ ᠬᠢᠨᠠᠨ ᠬᠡᠮᠵᠢᠯᠲᠡ ᠶᠢᠨ ᠲᠣᠬᠢᠷᠠᠭᠤᠯᠤᠯᠲᠠ ᠬᠢᠪᠠ ᠃ 
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号