ᠵᠠᠯᠠᠶᠢᠳ ᠬᠤᠰᠢᠭᠤ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠰᠠᠶᠢᠳᠤᠷ ᠦᠷᠨᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2025/5/13
  ᠤᠳᠤᠬᠠᠨ ᠳᠤ ᠵᠠᠯᠠᠶᠢᠳ ᠬᠤᠰᠢᠭᠤᠨ ᠤ ᠥᠷᠭᠡᠨ ᠠᠭᠤᠳᠠᠮ ᠬᠡᠭᠡᠷ᠎ᠡ ᠲᠠᠯ᠎ᠠ ᠳᠤ ᠲᠠᠷᠢᠶᠠᠴᠢᠳ ᠶᠠᠭᠠᠷᠠᠯᠳᠠᠢ ᠠᠵᠢᠯᠯᠠᠵᠤ᠂ ᠲᠠᠷᠢᠶᠠᠯᠠᠩ ᠤᠨ ᠮᠠᠰᠢᠨ ᠰᠦᠯᠵᠢᠯᠳᠦᠨ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠬᠠᠪᠤᠷ ᠤᠨ ᠲᠠᠷᠢᠶᠠᠯᠠᠭ᠎ᠠ ᠶᠢᠨ ᠵᠢᠷᠤᠭ ᠲᠦᠷᠰᠤ ᠠᠭᠠᠵᠢᠮ ᠢᠶᠠᠷ ᠳᠡᠯᠭᠡᠭᠳᠡᠨ᠎ᠠ᠃ ᠣᠶᠢᠷ᠎ᠠ ᠳᠤ᠂ ᠵᠠᠯᠠᠶᠢᠳ ᠬᠤᠰᠢᠭᠤ ᠡᠷᠳᠡᠨᠢ ᠰᠢᠰᠢ ᠰᠢᠷ᠎ᠠ ᠪᠤᠷᠴᠠᠭ ᠤᠨ ᠮᠤ᠋ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠲᠣᠭᠤᠷᠢᠨ ᠳᠤ᠂ ︽ᠡᠮᠦᠨ᠎ᠡ ᠤᠮᠠᠷ᠎ᠠ ᠬᠠᠷᠢᠯᠴᠠᠨ ᠬᠠᠪᠰᠤᠷᠤᠯᠴᠠᠨ ᠬᠠᠪᠤᠷ ᠤᠨ ᠲᠠᠷᠢᠶᠠᠯᠠᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠵᠤ ᠡᠯᠪᠡᠭ ᠬᠤᠷᠢᠶᠠᠯᠲᠠ ᠶᠢ ᠠᠬᠢᠭᠤᠯᠬᠤ︾ ᠪᠠᠷ ᠭᠤᠤᠯ ᠰᠢᠵᠢᠮ ᠪᠣᠯᠭᠠᠵᠤ᠂ ︽2025 ᠣᠨ ᠤ ᠲᠠᠷᠢᠶᠠᠯᠠᠩ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠵᠢᠴᠢ ᠶᠡᠭᠡ ᠬᠡᠪᠴᠢᠶ᠎ᠡ ᠪᠠᠷ ᠠᠮᠤ ᠲᠣᠰᠣᠨ ᠤ ᠲᠠᠷᠢᠮᠠᠯ ᠤᠨ ᠮᠤ᠋ ᠶᠢᠨ ᠤᠨᠠᠯᠲᠠ ᠶᠢ ᠳᠡᠭᠡᠭᠰᠢᠯᠡᠭᠦᠯᠬᠦ ᠲᠤᠬᠠᠶ ᠶᠢᠨ ᠲᠠᠯᠠᠪᠤᠷ ᠤᠨ ᠦᠵᠡᠭᠦᠯᠭᠡ ᠶᠢᠨ ᠠᠵᠢᠯᠯᠠᠭ᠎ᠠ︾ ᠲᠣᠰ ᠲᠣᠰ ᠬᠤᠯᠪᠣᠭ᠎ᠠ ᠪᠠᠯᠭᠠᠰᠤᠨ ᠤ ᠡᠤ ᠳ᠋ᠤᠤ ᠾᠧ ᠽᠢ ᠲᠣᠰᠬᠤᠨ᠂ ᠪᠣᠯᠭᠠᠨᠬᠤᠸᠠ ᠰᠤᠮᠤ ᠶᠢᠨ ᠪᠤᠯᠭᠠᠨᠬᠤᠸᠠ ᠭᠠᠴᠠᠭ᠎ᠠ ᠳᠤ ᠶᠠᠪᠤᠭᠳᠠᠵᠠᠢ᠃ ᠮᠡᠷᠭᠡᠵᠢᠯ ᠤᠨ ᠵᠢᠱᠢᠶ᠎ᠡ ᠦᠵᠡᠭᠦᠯᠬᠦ᠂ ᠦᠷ᠎ᠡ ᠪᠦᠲᠦᠭᠡᠯ ᠤᠨ ᠦᠵᠡᠬᠦᠯᠭᠡ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ︽ᠭᠤᠷᠪᠠ ᠶᠢ ᠨᠢᠭᠡ ᠴᠤᠭᠴᠠᠵᠢᠭᠤᠯᠬᠤ︾ ᠵᠠᠭᠪᠤᠷ ᠢᠶᠠᠷ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠳᠠᠶᠢᠯᠠᠯᠳᠤᠭᠠᠨ︾ ᠤ ᠪᠦᠷᠢᠶ᠎ᠡ ᠶᠢ ᠪᠥᠬᠦ ᠲᠠᠯ᠎ᠠ ᠪᠠᠷ ᠬᠠᠩᠭᠢᠨᠠᠭᠤᠯᠵᠤ᠂ ᠠᠮᠤ ᠲᠣᠰᠣᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃  ᠵᠠᠯᠠᠶᠢᠳ ᠬᠤᠰᠢᠭᠤᠨ ᠤ ᠡᠮᠦᠨ᠎ᠡ ᠬᠡᠰᠡᠭ ᠤᠨ ᠭᠤᠣᠯ ᠭᠠᠷᠤᠯᠲᠠ ᠶᠢᠨ ᠣᠷᠣᠨ ᠳᠤ᠂ ᠤᠶᠤᠨᠴᠢᠯᠠᠭᠰᠠᠨ ᠲᠠᠷᠢᠶᠠᠯᠠᠩ ᠤᠨ ᠮᠠᠰᠢᠨ ᠬᠠᠪᠤᠷ ᠤᠨ ᠲᠠᠷᠢᠶᠠᠯᠠᠭ᠎ᠠ ᠶᠢᠨ ᠬᠠᠯᠠᠭᠤᠨ ᠥᠷᠨᠢᠯᠲᠡ ᠭᠠᠷᠭᠠᠪᠠ᠃ ᠲᠠᠷᠢᠶᠠᠯᠠᠩ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠨᠢᠭᠤᠷᠳᠠᠨ ᠵᠢᠭᠠᠨ ᠰᠤᠷᠭᠠᠵᠤ᠂ ᠲᠠᠶᠢᠯᠤᠮᠵᠢ ᠬᠢᠬᠦ ᠪᠠᠷ ᠳᠠᠮᠵᠢᠭᠤᠯᠤᠨ᠂ ᠨᠢᠭᠲᠠ ᠳᠠᠷᠢᠵᠤ ᠭᠦᠢᠬᠡᠨ ᠪᠤᠯᠠᠵᠤ ᠳᠤᠰᠤᠯᠭᠠᠨ ᠤᠰᠤᠯᠠᠬᠤ ᠵᠡᠷᠭᠡ ᠲᠡᠷᠢᠭᠦᠨ ᠤ ᠮᠡᠷᠭᠡᠵᠢᠯ ᠢ ᠲᠠᠷᠢᠶᠠᠴᠢᠨ ᠡᠷᠦᠬᠡ ᠶᠢᠨ ︽ᠣᠯᠵᠤ ᠦᠵᠡᠵᠤ ᠲᠡᠶᠢᠯᠬᠦ᠂ ᠰᠤᠷᠴᠤ ᠴᠢᠳᠠᠬᠤ︾ ᠬᠡᠷᠡᠭᠯᠡᠭᠡᠨ ᠤ ᠲᠤᠷᠰᠢᠯᠭ᠎ᠠ ᠪᠣᠯᠭᠠᠨ ᠬᠤᠪᠢᠷᠠᠭᠤᠯᠪᠠ᠃ ᠣᠷᠣᠨ ᠪᠦᠰᠡ ᠠᠯᠤᠰᠯᠠᠭᠰᠠᠨ ᠡᠨᠡ ᠬᠦ ᠮᠡᠷᠭᠡᠵᠢᠯ ᠢ ᠳᠠᠮᠵᠢᠭᠤᠯᠬᠤ ᠨᠢ ᠬᠤᠰᠢᠭᠤᠨ ᠤ ᠬᠤᠶᠢᠲᠤ ᠬᠡᠰᠡᠭ ᠤᠨ ᠲᠠᠷᠢᠮᠠᠯ ᠤᠨ ᠡᠷᠦᠬᠡ ᠳᠤ ᠮᠠᠰᠢ ᠶᠡᠭᠡ ᠠᠰᠢᠭ ᠬᠦᠷᠳᠡᠭᠡᠵᠠᠢ᠂ ᠰᠢᠨᠯᠢᠨ ᠪᠠᠯᠭᠠᠰᠤᠨ ᠤ ᠾᠧ ᠽᠧ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠶᠢᠨ ᠬᠠᠤᠯᠢ ᠶᠢᠨ ᠡᠷᠬᠡᠲᠡᠨ ᠭᠤᠤ ᠶᠦᠨ ᠯᠢᠶᠠᠩ ᠢᠯᠡᠷᠬᠡᠶᠢᠯᠡᠬᠦ ᠳᠡᠭᠡᠨ᠂ ︽ᠡᠮᠦᠨ᠎ᠡ ᠤᠮᠠᠷ᠎ᠠ ᠶᠢᠨ ᠮᠡᠷᠭᠡᠵᠢᠯ ᠤᠨ ᠰᠣᠯᠢᠯᠴᠠᠭ᠎ᠠ ᠪᠠᠷ ᠳᠡᠮᠵᠢᠨ᠂ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠬᠦ ᠲᠠᠯ᠎ᠠ ᠪᠠᠷ ᠰᠢᠨ᠎ᠡ ᠰᠡᠳᠬᠢᠴᠡ ᠲᠠᠢ ᠪᠣᠯᠵᠣ᠂ ᠡᠨᠡ ᠵᠢᠯ 6000 ᠮᠥ ᠲᠠᠷᠢᠶᠠᠨ ᠭᠠᠵᠠᠷ ᠲᠤ 2000 ᠮᠥ ᠥᠷᠭᠡᠰᠦᠲᠦ ᠬᠡᠮᠬᠡ᠂ 2000 ᠮᠥ ᠡᠷᠳᠡᠨᠢ ᠰᠢᠰᠢ᠂ 2000 ᠮᠥ ᠰᠢᠷ᠎ᠠ ᠪᠤᠷᠴᠠᠭ ᠢ ᠰᠢᠨᠵᠢᠯᠡᠬᠦ ᠤᠬᠠᠭᠠᠨᠴᠢ ᠪᠠᠷ ᠡᠭᠡᠯᠵᠢᠯᠡᠨ ᠳᠠᠷᠢᠬᠤ ᠵᠠᠭᠪᠤᠷ ᠢ ᠬᠡᠷᠡᠭᠵᠢᠭᠦᠯᠬᠦ ᠪᠠᠷ ᠲᠥᠯᠥᠪᠯᠡᠵᠦ ᠪᠣᠶ︾ ᠭᠡᠵᠡᠶ᠃  ᠵᠠᠯᠠᠶᠢᠳ ᠬᠤᠰᠢᠭᠤ ᠪᠣᠯ ᠤᠯᠤᠰ ᠤᠨ ᠲᠡᠭᠡᠳᠤ ᠳᠡᠰ ᠤᠨ ᠠᠮᠤ ᠪᠤᠳᠠᠭᠠᠨ ᠤ ᠭᠠᠷᠤᠯᠲᠠ ᠶᠢᠨ ᠲᠤᠮᠤ ᠰᠢᠶᠠᠨ ︵ᠬᠤᠰᠢᠭᠤ︶ ᠮᠥᠨ᠂ ᠭᠡᠪᠡᠴᠦ ᠪᠥᠬᠦ ᠬᠤᠰᠢᠭᠤᠨ ᠤ ᠬᠡᠪᠴᠢᠶ᠎ᠡ ᠠᠴᠠ ᠠᠪᠴᠤ ᠦᠵᠡᠪᠡᠯ᠂ ᠡᠮᠦᠨᠡᠲᠦ ᠤᠮᠠᠷᠠᠳᠤ ᠬᠡᠰᠡᠭ ᠤᠨ ᠲᠠᠷᠢᠶᠠᠯᠠᠩ ᠤᠨ ᠬᠥᠭᠵᠢᠯᠲᠡ ᠲᠦᠢᠯ ᠤᠨ ᠲᠡᠩᠴᠡᠭᠦᠷᠢ ᠥᠬᠡᠶ ᠪᠠᠶᠢᠵᠤ᠂ ᠡᠮᠦᠨᠡᠲᠦ ᠬᠡᠰᠡᠭ ᠤᠨ ᠲᠠᠷᠢᠶᠠᠯᠠᠩ ᠤᠮᠠᠷᠠᠳᠤ ᠤᠷᠤᠨ ᠤ ᠮᠠᠯ ᠠᠵᠤ ᠠᠬᠤᠶ ᠶᠢᠨ ᠣᠨᠴᠠᠯᠢᠭ ᠨᠡᠯᠢᠶᠡᠳ ᠲᠣᠪᠤᠶᠢᠮ᠎ᠠ ᠪᠠᠶᠢᠨ᠎ᠠ᠃ ᠡᠭᠦᠨ ᠤ ᠰᠢᠯᠲᠠᠭᠠᠨ ᠢ ᠡᠷᠢᠪᠡᠯ᠂ ᠤᠮᠠᠷᠠᠳᠤ ᠤᠷᠤᠨ ᠤ ᠲᠠᠷᠢᠶᠠᠯᠠᠩ ᠤᠨ ᠲᠠᠷᠢᠮᠠᠯ ᠤᠨ ᠴᠠᠭ ᠨᠢ ᠨᠡᠯᠢᠶᠡᠳ ᠣᠬᠤᠷ᠂ ᠲᠠᠷᠢᠶᠠᠴᠢᠳ ᠤᠨ ᠲᠠᠷᠢᠮᠠᠯ ᠤᠨ ᠲᠤᠷᠰᠢᠯᠭ᠎ᠠ ᠶᠢᠨ ᠬᠢᠷᠢ ᠲᠦᠪᠰᠢᠨ ᠨᠢ ᠨᠡᠶᠢᠳᠡᠮ ᠳᠡᠭᠡᠨ ᠥᠨᠳᠥᠷ ᠪᠢᠰᠢ ᠪᠠᠶᠢᠵᠤ᠂ ︽ᠠᠮᠤ ᠪᠤᠳᠠᠭ᠎ᠠ ᠪᠤᠯᠪᠠᠰᠤᠷᠠᠵᠤ ᠲᠡᠶᠢᠯᠬᠦ ᠦᠭᠡᠢ ᠪᠣᠯ ᠬᠦᠬᠡ ᠪᠤᠷᠳᠤᠭ᠎ᠠ ᠪᠤᠯᠭᠠᠬᠤ︾ ᠰᠡᠳᠬᠢᠬᠦᠢ ᠨᠡᠶᠢᠳᠡᠮ ᠣᠷᠣᠰᠢᠵᠤ᠂ ᠶᠡᠬᠡᠩᠬᠢ ᠭᠠᠵᠠᠷ ᠣᠷᠣᠨ ᠤ ᠡᠷᠳᠡᠨᠢ ᠰᠢᠰᠢ ᠶᠢᠨ ᠮᠦ ᠪᠦᠷᠢ ᠶᠢᠨ ᠤᠨᠠᠯᠲᠠ ᠨᠢ ᠴᠢᠨᠠᠭᠰᠢᠯᠠᠪᠠᠯ 1000 ᠵᠢᠩ ᠬᠦᠷᠬᠦ ᠦᠭᠡᠢ ᠮᠥᠷᠲᠡᠭᠡᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠨᠢ ᠴᠤ ᠨᠡᠯᠢᠶᠡᠳ ᠪᠠᠭᠤᠷᠠᠢ ᠪᠠᠶᠢᠨ᠎ᠠ᠃  ︽ᠡᠮᠦᠨ᠎ᠡ ᠤᠮᠠᠷ᠎ᠠ ᠬᠠᠷᠢᠯᠴᠠᠨ ᠬᠠᠪᠰᠤᠷᠤᠯᠴᠠᠵᠤ᠂ ᠬᠠᠮᠳᠤᠪᠡᠷ ᠬᠥᠭᠵᠢᠭᠦ︾ ᠠᠵᠢᠯᠯᠠᠭ᠎ᠠ ᠶᠢ ᠥᠷᠨᠢᠭᠦᠯᠬᠦ ᠨᠢ ᠤᠮᠠᠷᠠᠲᠤ ᠬᠡᠰᠡᠭ ᠤᠨ ᠰᠤᠮᠤ ᠰᠢᠶᠠᠩ ᠪᠠᠯᠭᠠᠰᠤᠨ ᠤ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃         ᠣᠶᠢᠷ᠎ᠠ ᠶᠢᠨ ᠵᠢᠯ ᠳᠤ᠂ ᠵᠠᠯᠠᠶᠢᠳ ᠬᠤᠰᠢᠭᠤ ︽ᠴᠢᠳᠠᠯ ᠤᠨ ᠬᠢᠷᠢ ᠪᠠᠷ ᠢᠶᠠᠨ ᠬᠢᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ︾ ᠵᠠᠷᠴᠢᠮ ᠶᠣᠰᠣᠭᠠᠷ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ ᠲᠥᠷᠥᠯ ᠵᠦᠢᠯ ᠢ ᠬᠡᠯᠪᠠᠶᠢᠯᠭᠡᠬᠦ ᠵᠡᠷᠭᠡ ᠠᠷᠭ᠎ᠠ ᠬᠡᠮᠵᠢᠶ᠎ᠡ ᠠᠪᠴᠤ᠂ ᠡᠮᠦᠨᠡᠲᠦ ᠬᠡᠰᠡᠭ ᠤᠨ ᠰᠢᠶᠠᠩ ᠪᠠᠯᠭᠠᠰᠤᠨ ᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠬᠤᠶᠢᠲᠤ ᠬᠡᠰᠡᠭ ᠤᠨ ᠭᠠᠵᠠᠷ ᠣᠷᠣᠨ ᠳᠤ ᠬᠦᠷᠴᠦ ︽ᠡᠮᠦᠨ᠎ᠡ ᠤᠮᠠᠷ᠎ᠠ ᠬᠠᠷᠢᠯᠴᠠᠨ ᠬᠠᠪᠰᠤᠷᠤᠯᠴᠠᠬᠤ᠂ ᠬᠠᠮᠵᠢᠯᠴᠠᠨ ᠬᠥᠭᠵᠢᠬᠦ︾ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠭᠠᠵᠠᠷ ᠰᠢᠷᠣᠶ ᠶᠢᠨ ᠦᠮᠴᠢᠯᠡᠯ ᠤᠨ ᠡᠷᠬᠡ ᠶᠢ ᠰᠢᠯᠵᠢᠬᠦᠯᠬᠦ ᠂ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠬᠤ ᠵᠡᠷᠭᠡ ᠠᠷᠭ᠎ᠠ  ᠪᠠᠷ ᠲᠠᠮᠵᠢᠭᠤᠯᠤᠨ ᠲᠠᠷᠢᠶᠠᠯᠠᠩ ᠤᠨ ᠡᠵᠡᠩᠨᠡᠯᠲᠡ ᠶᠢᠨ ᠠᠵᠢᠯ ᠬᠢᠵᠦ᠂ ᠡᠮᠦᠨᠡᠲᠦ ᠬᠡᠰᠡᠭ ᠤᠨ ᠲᠡᠷᠢᠭᠦᠨ ᠤ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠶᠢᠲᠤ ᠬᠡᠰᠡᠭ ᠤᠨ ᠭᠠᠵᠠᠷ ᠣᠷᠣᠨ ᠢ ᠲᠠᠶᠢᠴᠢᠯᠡᠨ ᠵᠢᠯᠣᠭᠤᠳᠴᠤ ᠪᠠᠶᠢᠭᠠᠳ ᠪᠦᠲᠦᠴᠡ ᠶᠢᠨ ᠲᠣᠬᠢᠷᠠᠭᠤᠯᠤᠯᠲᠠ᠂ ᠰᠢᠨᠵᠢᠯᠡᠬᠦ ᠤᠬᠠᠭᠠᠨᠴᠢ ᠪᠠᠷ ᠳᠠᠷᠢᠬᠤ ᠡᠷᠴᠢᠮ ᠢ ᠴᠢᠩᠭᠠᠷᠠᠭᠤᠯᠪᠠ᠃  ︽  ᠬᠠᠰᠢᠯᠠ ᠤᠤᠯ ᠤᠨ ᠭᠠᠵᠠᠷ ᠰᠢᠷᠣᠶ ᠨᠢ ᠵᠥᠪᠬᠡᠨ ᠣᠶᠢᠯᠠᠭᠠᠭᠳᠠᠬᠤᠨ ᠪᠠ ᠦᠢᠯᠡᠳᠪᠦᠷᠢᠯᠡᠯ ᠤᠨ ᠠᠷᠭ᠎ᠠ ᠪᠠᠨ ᠬᠤᠪᠢᠷᠠᠭᠤᠯᠬᠤ ᠳᠤ ᠲᠦᠰᠢᠭᠯᠡᠪᠠᠯ ᠲᠠᠷᠢᠶᠠᠴᠢᠳ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠬᠦᠯᠵᠤ ᠴᠢᠳᠠᠬᠤ ᠶᠤᠮ︾ ᠭᠡᠵᠤ ᠵᠠᠯᠠᠶᠢᠳ  ᠬᠤᠰᠢᠭᠤᠨ ᠤ ᠴᠧᠩ ᠶᠤᠸᠠᠨ ᠲᠠᠷᠢᠶᠠᠯᠠᠩ ᠤᠨ ᠲᠤᠰᠬᠠᠢ ᠬᠤᠷᠰᠢᠶᠠᠵᠢᠯ ᠤᠨ ᠬᠡᠷᠡᠭ ᠡᠷᠬᠢᠯᠡᠭᠴᠢᠳ ᠤᠨ ᠳᠠᠷᠤᠭ᠎ᠠ ᠼᠦᠩ ᠳ᠋ᠠ ᠴᠧᠩ ᠬᠡᠯᠡᠪᠡ᠃ ᠨᠢᠳᠤᠨᠤᠨ᠂ ᠼᠦᠩ ᠳ᠋ᠠ ᠴᠧᠩ ᠰᠤᠯᠠ ᠰᠡᠯᠡᠭᠦᠦ ᠴᠠᠭ ᠪᠠᠨ ᠠᠰᠢᠭᠯᠠᠨ ᠤᠮᠠᠷᠠᠲᠤ ᠬᠡᠰᠡᠭ ᠤᠨ ᠠᠷᠪᠡᠨᠭᠡᠷ ᠪᠠᠯᠭᠠᠰᠤᠨ ᠤ ᠬᠠᠶᠢᠯᠠᠰᠤᠲᠠᠢ ᠭᠠᠴᠠᠭ᠎ᠠ ᠳᠤ ᠬᠦᠷᠴᠦ᠂ ᠡᠷᠭᠢᠯᠳᠦᠭᠦᠯᠦᠨ ᠬᠠᠭᠠᠯᠪᠤᠷᠢᠯᠠᠬᠤ᠂ ᠨᠢᠭᠲᠠ ᠲᠠᠷᠢᠬᠤ ᠮᠡᠷᠭᠡᠵᠢᠯ ᠵᠢᠴᠢ ᠬᠠᠮᠢᠶ᠎ᠠ ᠪᠦᠬᠦᠢ ᠲᠠᠷᠢᠶᠠᠯᠠᠩ ᠳᠤ ᠬᠡᠷᠡᠭᠯᠡᠬᠦ ᠮᠠᠰᠢᠨ ᠮᠧᠬᠠᠨᠢᠭ ᠢ ᠶᠡᠬᠡᠪᠡᠷ ᠳᠡᠯᠭᠡᠷᠡᠭᠦᠯᠵᠦ᠂ ᠲᠤᠬᠠᠢ ᠶᠢᠨ ᠭᠠᠵᠠᠷ ᠤᠨ ᠲᠠᠷᠢᠶᠠᠴᠢᠳ ᠲᠤ ᠠᠮᠤ ᠪᠤᠳᠠᠭ᠎ᠠ ᠲᠠᠷᠢᠬᠤ ᠲᠤᠷᠰᠢᠯᠭ᠎ᠠ ᠤᠯᠠᠮᠵᠢᠯᠠᠵᠤ ᠥᠭᠪᠡ᠃   ᠵᠠᠯᠠᠶᠢᠳ ᠬᠤᠰᠢᠭᠤ ︽ᠡᠮᠦᠨ᠎ᠡ ᠤᠮᠠᠷ᠎ᠠ ᠬᠠᠷᠢᠯᠴᠠᠨ ᠬᠠᠪᠰᠤᠷᠤᠯᠴᠠᠵᠤ᠂ ᠬᠠᠮᠵᠢᠯᠴᠠᠨ ᠬᠥᠭᠵᠢᠬᠦ︾ ᠠᠵᠢᠯᠯᠠᠭ᠎ᠠ ᠶᠢ ᠬᠡᠷᠡᠭᠵᠢᠭᠦᠯᠦᠭᠡᠳ ᠢᠯᠡᠳᠲᠡ ᠦᠷ᠎ᠡ ᠪᠦᠲᠦᠮᠵᠢ ᠣᠯᠵᠤ᠂ ᠡᠮᠦᠨᠡᠲᠦ ᠬᠡᠰᠡᠭ ᠤᠨ ᠭᠠᠵᠠᠷ ᠣᠷᠣᠨ ᠤ ᠤᠶᠤᠨᠲᠤ ᠲᠠᠷᠢᠶᠠᠯᠠᠩ ᠤᠨ ᠮᠠᠰᠢᠨ ᠢ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠵᠦ᠂ ᠬᠤᠶᠢᠲᠤ ᠬᠡᠰᠡᠭ ᠤᠨ ᠭᠠᠵᠠᠷ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠠᠮᠤᠷᠬᠤ ᠬᠡᠪᠴᠢᠶ᠎ᠡ ᠶᠢ ᠴᠦ ᠲᠠᠰᠤᠷᠠᠯᠲᠠ ᠥᠬᠡᠶ ᠥᠷᠭᠡᠳᠬᠡᠵᠦ ᠪᠠᠶᠢᠨ᠎ᠠ᠃ ᠣᠲᠣ ᠪᠣᠯᠲᠠᠯ᠎ᠠ᠂ ᠡᠮᠤᠨᠡᠳᠤ ᠬᠡᠰᠡᠭ ᠤᠨ 6 ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠬᠤᠶᠢᠲᠤ ᠬᠡᠰᠡᠭ ᠤᠨ ᠭᠠᠵᠠᠷ ᠣᠷᠣᠨ ᠤ 6 ᠭᠠᠴᠠᠭ᠎ᠠ ᠲᠤᠰᠬᠤᠨ ᠲᠠᠢ ᠵᠤᠯᠭᠠᠭᠤᠯᠵᠤ᠂ 1 ᠲᠦᠮᠡᠨ ᠮᠥ ᠵᠢᠱᠢᠶ᠎ᠡ ᠦᠵᠡᠭᠦᠯᠦᠨ ᠳᠠᠷᠢᠬᠤ ᠶᠢ ᠪᠡᠶᠡᠯᠡᠭᠦᠯᠪᠡ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号