| 5 ᠰᠠᠷ᠎ᠠ ᠶᠢᠨ 13 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠪᠦᠯᠬᠦᠮ | ᠳᠠᠭᠠᠭᠤᠯᠤᠨ ᠤᠷᠢᠳ ᠬᠤᠵᠢᠳ ᠬᠠᠭᠤᠷᠮᠠᠭ ᠮᠠᠨᠵᠤ ᠶᠢᠨ ᠵᠠᠬᠢᠷᠭ᠎ᠠ ᠶᠢᠨ ᠬᠠᠭᠤᠴᠢᠨ ᠰᠠᠭᠤᠷᠢᠰᠢᠯ᠂ ᠠᠯᠳᠠᠨ | ᠤᠯᠤᠰ ᠤᠨ ᠪᠤᠷᠤ ᠬᠡᠷᠡᠮ᠂ ᠪᠠᠳᠠᠷᠠᠬᠤ ᠨᠢᠭᠡᠳᠦᠭᠡᠷ ᠨᠤᠮᠧᠷᠳᠤ ᠬᠤᠳᠠ ᠶᠢᠨ ᠰᠠᠭᠤᠷᠢᠰᠢᠯ ᠵᠡᠷᠭᠡ ᠭᠠᠵᠠᠷ ᠢᠶᠠᠷ | ᠭᠦᠨᠵᠡᠭᠡᠶᠢᠷᠡᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠰᠤᠳᠤᠯᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠴᠢ ᠯᠢᠨ ᠲᠡᠤᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠣᠳᠣᠬᠢ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ | ᠨᠡᠶᠢᠳᠡᠮ ᠪᠠᠶᠢᠴᠠᠭᠠᠯᠲᠠ ᠶᠢᠨ ᠠᠵᠢᠯ ᠢ ᠠᠬᠢᠭᠤᠯᠵᠤ᠂ ᠡᠷᠳᠡᠨ ᠤ ᠬᠤᠳᠠ ᠰᠠᠭᠤᠷᠢᠰᠢᠯ ᠪᠠᠭᠤᠷᠢ ᠵᠡᠷᠭᠡ ᠶᠢᠨ | ᠲᠡᠤᠬᠡ ᠶᠢᠨ ᠠᠬᠤᠶ ᠪᠠᠶᠢᠳᠠᠯ᠂ ᠰᠣᠶᠣᠯ ᠤᠨ ᠦᠨ᠎ᠡ ᠥᠷᠲᠡᠭ ᠵᠢᠴᠢ ᠲᠡᠤᠬᠡ ᠶᠢᠨ ᠳᠤᠷᠠᠰᠬᠠᠯᠲᠤ ᠵᠦᠢᠯᠡᠰ ᠤᠨ | ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ | ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠤᠬᠠᠢ ᠴᠢᠬᠤᠯᠠ | ᠥᠭᠦᠯᠡᠯᠲᠡ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠪᠠᠶᠢᠩᠭᠤᠵᠢᠭᠰᠠᠨ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠵᠤ᠂ ᠰᠠᠯᠠᠭ᠎ᠠ | ᠮᠥᠴᠢᠷ ᠤᠨ ᠬᠠᠮᠲᠤᠷᠠᠯᠴᠠᠭ᠎ᠠ ᠪᠣᠯᠤᠨ ᠣᠷᠣᠨ ᠪᠦᠰᠡ ᠠᠯᠤᠰᠯᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠦᠬᠦ | ᠨᠡᠶᠢᠭᠡᠮ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠲᠡᠦᠬᠡ ᠶᠢᠨ | ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠪᠠ ᠰᠣᠶᠣᠯ ᠤᠨ ᠥᠪ ᠢ ᠤᠯᠠᠮᠵᠢᠯᠠᠨ ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠢᠭᠡᠷ ᠢ ᠰᠠᠶᠢᠲᠤᠷ ᠶᠠᠷᠢᠵᠤ᠂ ᠰᠣᠶᠣᠯ ᠤᠨ ᠠᠭᠤᠰᠤᠯᠴᠠᠯ ᠢᠶᠠᠷ ᠡᠨᠧᠷᠭᠢ | ᠣᠯᠭᠤᠬᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠣᠯᠭᠤᠬᠤ ᠬᠡᠷᠡᠭᠲᠡᠢ ᠭᠡᠵᠠᠢ᠃ | ᠬᠤᠰᠢᠭᠤᠨ ᠤ ᠤᠳᠤᠷᠢᠳᠤᠯᠭ᠎ᠠ ᠰᠢᠤᠢ ᠶᠢᠩ ᠱᠦ᠂ ᠸᠠᠩ ᠵᠠᠨ ᠵᠢᠶᠦ᠋ᠨ᠂ ᠯᠢᠦ ᠭᠦᠸᠧ ᠮᠢᠨ ᠨᠠᠷ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | |