ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2025/5/14
 5 ᠰᠠᠷ᠎ᠠ ᠶᠢᠨ 12 ᠤᠨ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠾᠧᠪᠧᠢ ᠮᠤᠵᠢ ᠶᠢᠨ ᠷᠦᠨ ᠨᠦᠩ ᠤᠰᠤ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠠᠷ ᠬᠦᠷᠴᠦ ᠰᠢᠨᠵᠢᠯᠡᠨ ᠪᠠᠶᠢᠴᠠᠭᠠᠵᠤ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠠᠵᠢᠯ ᠢ ᠥᠷᠨᠢᠭᠦᠯᠪᠡ᠃ ᠾᠧᠪᠸᠢ ᠮᠤᠵᠢ ᠶᠢᠨ ᠷᠦᠨ ᠨᠦᠩ ᠤᠰᠤ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ ᠬᠤᠪᠸᠢ ᠮᠤᠵᠢ ᠶᠢᠨ ᠲᠠᠷᠢᠶᠠᠯᠠᠩ ᠤᠨ ᠬᠦᠭᠵᠢᠬᠦᠯᠦᠯᠳᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠠᠷᠢᠶᠠᠯᠠᠭᠳᠠᠵᠤ᠂ ᠤᠰᠤ ᠠᠷᠪᠢᠯᠠᠬᠤ ᠤᠰᠤᠯᠠᠯᠲᠠ ᠶᠢᠨ ᠤᠶᠢᠯᠡᠳᠬᠦᠨ ᠢ ᠰᠤᠳᠤᠯᠤᠨ ᠨᠡᠭᠡᠭᠡᠬᠦ᠂ ᠦᠢᠯᠡᠳᠪᠦᠷᠢᠯᠡᠵᠦ ᠦᠢᠯᠡᠳᠬᠦ᠂ ᠤᠰᠤᠯᠠᠯᠲᠠ ᠶᠢᠨ ᠢᠨᠵᠧᠨᠧᠷᠢᠩ ᠢ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠠᠵᠢᠯ ᠢ ᠲᠤᠰᠬᠠᠶᠢᠯᠠᠨ ᠬᠢᠵᠦ ᠪᠠᠶᠢᠭ᠎ᠠ ᠤᠯᠤᠰ ᠤᠨ ᠥᠮᠴᠢᠯᠡᠯ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠪᠣᠯᠤᠨ᠎ᠠ᠃ ᠠᠵᠤ ᠠᠬᠤᠶᠢᠯᠠᠯ ᠳᠤ᠂ ᠴᠢ ᠯᠢᠨ ᠤᠰᠤ ᠠᠷᠪᠢᠯᠠᠬᠤ ᠦᠢᠯᠡᠳᠪᠦᠷᠢᠯᠡᠯ ᠤᠨ ᠲᠠᠰᠤᠭ᠂ ᠲᠤᠷᠰᠢᠯᠲᠠ ᠶᠢᠨ ᠰᠠᠭᠤᠷᠢᠨ ᠵᠡᠷᠭᠡ ᠲᠤᠬᠠᠶ ᠶᠢᠨ ᠭᠠᠵᠠᠷ ᠢᠶᠠᠷ ᠰᠢᠨᠵᠢᠯᠡᠨ ᠪᠠᠶᠢᠴᠠᠭᠠᠭᠰᠠᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠤᠰᠤ ᠠᠷᠪᠢᠯᠠᠬᠤ ᠲᠠᠷᠢᠶᠠᠯᠠᠩ ᠤᠨ ᠤᠶᠢᠯᠡᠰ᠂ ᠭᠠᠭ᠋ᠠᠶ ᠲᠡᠵᠢᠭᠡᠨ ᠦᠷᠡᠵᠢᠭᠦᠯᠬᠦ ᠵᠡᠷᠭᠡ ᠲᠠᠯ᠎ᠠ ᠪᠠᠷ ᠭᠦᠨᠵᠡᠭᠡᠶ ᠶᠠᠷᠢᠯᠴᠠᠨ ᠰᠠᠨᠠᠯ ᠢᠶᠠᠨ ᠰᠣᠯᠢᠯᠴᠠᠭᠰᠠᠨ ᠪᠥᠭᠡᠳ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠪᠠ᠃  ᠵᠠᠯᠠᠶᠢᠳ ᠬᠤᠰᠢᠭᠤᠨ ᠤ ᠤᠳᠤᠷᠢᠳᠤᠯᠭ᠎ᠠ ᠸᠠᠩ ᠵᠠᠨ ᠵᠢᠶᠦ᠋ᠨ᠂ ᠯᠢ ᠯᠢ ᠶᠢᠩ ᠡᠨᠡ ᠤᠳᠠᠭᠠᠨ ᠤ ᠠᠵᠢᠯᠯᠠᠭ᠎ᠠ ᠳᠤ ᠣᠷᠣᠯᠴᠠᠵᠠᠶ᠃  
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号