ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/15
      5 ᠰᠠᠷ᠎ᠠ ᠶᠢᠨ 14 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢ ᠬᠤᠤ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠵᠢᠷᠠᠨ ᠨᠢᠭᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠶ ᠱᠦᠵᠢ ᠶᠢᠨ ᠬᠡᠰᠡᠭ ᠮᠤᠵᠢ ᠣᠷᠣᠨ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠠᠯᠠᠶᠢᠳ ᠬᠤᠰᠢᠭᠤᠨ ᠤ ᠲᠠᠪᠤᠨ ᠶᠡᠭᠡ ᠡᠭᠦᠷᠭᠡ ᠶᠢ ᠪᠡᠶᠡᠯᠡᠭᠦᠯᠬᠦ 2025 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ᠶᠢ ᠰᠤᠳᠤᠯᠤᠨ ᠬᠢᠨᠠᠨ ᠵᠥᠪᠯᠡᠵᠦ ᠂ ᠪᠥᠬᠦ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠣᠶ ᠰᠢᠭᠤᠶ ᠨᠤᠳᠤᠭ ᠪᠡᠯᠴᠢᠭᠡᠷ ᠢ ᠡᠪᠳᠡᠵᠤ ᠰᠦᠢᠳᠭᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂ ᠲᠥᠷᠥᠯ ᠵᠤᠶᠢᠯ ᠢᠶᠠᠷ ᠪᠠᠯᠠ ᠣᠷᠣᠭᠤᠯᠤᠯᠲᠠ ᠶᠢ ᠠᠬᠢᠭᠤᠯᠬᠤ ᠶᠢ ᠭᠤᠶᠢᠪᠢᠰᠢ ᠥᠬᠡᠶ ᠠᠳᠬᠤᠵᠤ᠂ ᠬᠤᠶᠠᠳᠤᠭᠠᠷ ᠤᠯᠠᠷᠢᠯ ᠤᠨ ᠬᠠᠷᠠᠯᠲᠠ ᠡᠭᠦᠷᠭᠡ ᠳᠤ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠪᠥᠬᠦ ᠬᠤᠰᠢᠭᠤᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠶ᠃ ᠠᠮᠢ ᠠᠬᠤᠢ ᠶᠢᠨ ᠬᠠᠮᠠᠭᠠᠯᠠᠯᠲᠠ᠂ ᠠᠵᠤ ᠦᠢᠯᠡᠰ ᠤᠨ ᠲᠡᠰ ᠳᠡᠪᠰᠢᠬᠦ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠵᠠᠩᠭᠢᠯᠠᠭ᠎ᠠ ᠶᠢᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠶᠡᠭᠡ ᠡᠭᠦᠷᠭᠡ︾ ᠶᠢ ᠠᠬᠢᠭᠤᠯᠬᠤ ᠶᠢ ᠪᠦᠬᠦ ᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ︽ᠲᠠᠪᠤᠨ ᠶᠡᠭᠡ ᠡᠭᠦᠷᠭᠡ︾ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠢ ᠡᠪᠳᠡᠵᠤ ᠰᠦᠢᠳᠭᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠨ ᠦᠷᠭᠦᠯᠵᠢᠯᠡᠨ ᠪᠠᠬᠢᠵᠢᠭᠦᠯᠵᠦ᠂ ᠪᠥᠬᠦ ᠨᠡᠶᠢᠭᠡᠮ ᠢᠶᠠᠷ ᠢᠶᠠᠨ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠲᠤᠪᠠᠷ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠵᠠᠢ᠃     ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号