ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/16
      5 ᠰᠠᠷ᠎ᠠ ᠶᠢᠨ 14᠎ ᠤ ᠡᠳᠦᠷ᠂ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ᠃ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢ ᠬᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠷᠠᠯ ᠳᠡᠭᠡᠷ᠎ᠡ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠪᠥᠬᠦ ᠬᠤᠰᠢᠭᠤᠨ ᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠬᠤᠰᠢᠭᠤᠨ ᠤ ᠳᠡᠳ᠋ ᠳᠠᠷᠤᠭ᠎ᠠ ᠨᠠᠷ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠪᠤᠶᠢᠮ᠎ᠠ ᠠᠰᠠᠭᠤᠳᠠᠯ ᠢ ᠰᠢᠰᠲ᠋ᠧᠮ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠦᠨᠳᠦᠰᠦᠨ ᠱᠠᠲᠤ ᠲᠡᠶᠢᠰᠢ ᠤᠷᠲᠤᠳᠬᠠᠬᠤ᠂ ᠣᠯᠠᠨ ᠲᠦᠮᠡᠨ ᠤ ᠳᠡᠷᠭᠡᠳᠡ ᠭᠦᠨᠵᠡᠭᠡᠶᠢᠷᠡᠭᠦᠯᠬᠦ ᠶᠢ ᠬᠠᠮᠲᠤ ᠪᠠᠷ ᠠᠬᠢᠭᠤᠯᠬᠤ ᠬᠡᠷᠡᠭᠲᠡᠶ᠃ ᠭᠤᠣᠯᠳᠠᠯᠭ᠎ᠠ ᠲᠠᠢ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ᠃ ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠤᠨ ᠦᠷ᠎ᠡ ᠪᠦᠲᠦᠮᠵᠢ ᠪᠣᠯᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠠᠨ ᠲᠦᠮᠡᠨ ᠳᠤ ᠲᠥᠪᠯᠡᠷᠡᠭᠦᠯᠦᠨ ᠴᠡᠭᠴᠡᠯᠡᠨ ᠵᠠᠰᠠᠭᠰᠠᠨ ᠠᠴᠠ ᠪᠣᠯᠤᠭᠰᠠᠨ ᠰᠢᠨ᠎ᠡ ᠪᠠᠶᠢᠳᠠᠯ᠂ ᠰᠢᠨ᠎ᠡ ᠬᠤᠪᠢᠷᠠᠯᠲᠠ᠂ ᠰᠢᠨ᠎ᠡ ᠦᠷ᠎ᠡ ᠪᠦᠲᠦᠭᠡᠯ ᠢ ᠭᠦᠨᠵᠡᠭᠡᠢ ᠮᠡᠳᠡᠷᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号