| ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠶ ᠠᠬᠢᠭᠤᠯᠬᠤ ᠶᠢᠨ | ᠲᠥᠯᠥᠭᠡ᠂ 5 ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ᠂ ᠵᠠᠯᠠᠶᠢᠳ ᠬᠤᠰᠢᠭᠤᠨ ᠤ ᠨᠠᠮ ᠤᠨ | ᠬᠤᠷᠢᠶᠠᠨ ᠤ ᠱᠦᠵᠢ ᠴᠢ ᠯᠢᠨ ᠱᠠᠩᠬᠠᠢ ᠳᠤ ᠬᠦᠷᠴᠦ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ | ᠠᠪᠴᠢᠷᠠᠬᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠲᠥᠷᠥᠯ ᠵᠦᠢᠯ ᠢ ᠠᠬᠢᠭᠤᠯᠬᠤ ᠶᠠᠪᠤᠳᠠᠯ ᠢ ᠰᠢᠨᠵᠢᠯᠡᠨ | ᠪᠠᠶᠢᠴᠠᠭᠠᠪᠠ᠃ | ᠱᠠᠩᠬᠠᠶ ᠶᠢᠨ ᠨᠦᠩ ᠬᠤᠤ ᠲᠡᠵᠢᠭᠡᠯ ᠪᠣᠷᠳᠣᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ | ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ᠂ ᠲᠡᠵᠢᠭᠡᠨ ᠦᠷᠡᠵᠢᠭᠦᠯᠬᠦ ᠶᠢ ᠨᠢᠭᠡ | ᠴᠣᠭᠴᠠᠵᠢᠭᠤᠯᠤᠭᠰᠠᠨ ᠤᠯᠤᠰ ᠤᠨ ᠲᠠᠰ ᠤᠨ ᠲᠠᠷᠢᠶᠠᠯᠠᠩ ᠤᠨ ᠠᠵᠤ ᠦᠶᠯᠡᠰᠵᠢᠭᠰᠡᠨ ᠭᠤᠤᠯᠳᠠᠯᠭ᠎ᠠ ᠲᠠᠢ | ᠳᠠᠭᠠᠭᠤᠯᠤᠭᠴᠢ ᠠᠵᠤ ᠠᠬᠤᠶᠢᠯᠠᠯ ᠪᠣᠯᠤᠨ᠎ᠠ᠃ ᠠᠵᠤ ᠠᠬᠤᠶᠢᠯᠠᠯ ᠳᠤ᠂ ᠴᠢ ᠯᠢᠨ ᠠᠵᠤ ᠠᠬᠤᠶᠢᠯᠠᠯ ᠤᠨ | ᠡᠵᠡᠩᠨᠡᠯᠲᠡ᠂ ᠬᠥᠭᠵᠢᠯᠲᠡ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠵᠤ᠂ ᠳᠡᠭᠡᠳᠦ ᠲᠠᠰ ᠤᠨ ᠮᠢᠬᠠᠨ | ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠠᠬᠢᠭᠤᠯᠬᠤ ᠲᠤᠬᠠᠶ ᠠᠵᠤ ᠠᠬᠤᠶᠢᠯᠠᠯ ᠤᠨ | ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠬᠤᠶᠠᠷ ᠲᠠᠯ᠎ᠠ ᠪᠠᠷ ᠢᠶᠠᠨ ᠣᠲᠣ ᠶᠢᠨ ᠪᠠᠶᠢᠭ᠎ᠠ ᠠᠵᠤ | ᠦᠢᠯᠡᠰ ᠤᠨ ᠬᠠᠮᠲᠤᠷᠠᠯᠴᠠᠭ᠎ᠠ ᠪᠠᠨ ᠪᠠᠬᠢᠵᠢᠭᠦᠯᠦᠨ ᠳᠡᠭᠡᠭᠰᠢᠯᠡᠭᠦᠯᠬᠦ ᠰᠠᠭᠤᠷᠢᠨ ᠳᠡᠭᠡᠷ᠎ᠡ᠂ ᠪᠥᠬᠦ ᠠᠵᠤ ᠦᠢᠯᠡᠰ ᠤᠨ | ᠬᠡᠯᠬᠢᠶ᠎ᠡ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠵᠡᠷᠭᠡ ᠲᠠᠯ᠎ᠠ ᠪᠠᠷ | ᠬᠠᠮᠲᠤᠷᠠᠯᠴᠠᠭᠠᠨ ᠤ ᠰᠠᠨᠠᠮᠵᠢ ᠲᠠᠢ ᠪᠣᠯᠵᠣ᠂ ᠵᠠᠯᠠᠶᠢᠳ ᠬᠤᠰᠢᠭᠤ ᠵᠢᠯ ᠳᠤ 10 ᠲᠦᠮᠡᠨ ᠳᠡᠭᠡᠳᠦ ᠲᠠᠰ ᠤᠨ ᠮᠢᠬᠠᠨ | ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ | ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠵᠤ᠂ ᠣᠷᠣᠨ ᠨᠤᠲᠤᠭ ᠠᠵᠤ ᠠᠬᠤᠶᠢᠯᠠᠯ ᠤᠨ | ᠬᠠᠮᠲᠤᠷᠠᠯᠴᠠᠭ᠎ᠠ ᠶᠢ ᠠᠬᠢᠭᠤᠯᠤᠨ᠂ ᠬᠠᠷᠢᠯᠴᠠᠨ ᠠᠰᠢᠭᠳᠠᠢ ᠬᠠᠮᠲᠤ ᠪᠠᠷ ᠠᠰᠢᠭ ᠭᠥᠷᠳᠡᠵᠤ᠂ ᠬᠠᠮᠲᠤ ᠪᠠᠷ | ᠬᠥᠭᠵᠢᠬᠦ ᠶᠢ ᠪᠡᠶᠡᠯᠡᠭᠦᠯᠪᠡ᠃ | ᠴᠢ ᠯᠢᠨ ᠪᠠᠰᠠ ᠱᠠᠩᠬᠠᠢ ᠶᠢᠨ ᠫᠦᠳᠦ᠋ᠩ ᠰᠢᠨ᠎ᠡ ᠲᠣᠭᠤᠷᠢᠭ ᠤᠨ ᠢᠷᠡᠭᠡᠳᠦᠢ ᠶᠢᠨ ᠰᠢᠨᠵᠢᠯᠡᠬᠦ ᠤᠬᠠᠭᠠᠨ | ᠮᠡᠷᠭᠡᠵᠢᠯ ᠪᠣᠯᠤᠨ ᠠᠵᠤ ᠦᠢᠯᠡᠰ ᠤᠨ ᠬᠥᠭᠵᠢᠯᠲᠡ ᠪᠦᠳᠦᠭᠡᠨ ᠪᠠᠶᠢᠭᠤᠯᠤᠯᠲᠠ ᠶᠢᠨ ᠰᠤᠳᠤᠯᠭᠠᠨ ᠤ ᠬᠦᠷᠢᠶᠡᠯᠡᠩ ᠢ | ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠤᠶᠠᠷ ᠲᠠᠯ᠎ᠠ ᠪᠠᠷ ᠢᠶᠠᠨ ᠵᠠᠯᠠᠶᠢᠳ ᠬᠤᠰᠢᠭᠤᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠲᠥᠯᠥᠪᠵᠢᠭᠦᠯᠭᠡ ᠵᠢᠴᠢ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠠᠷᠭ᠎ᠠ ᠵᠠᠮ ᠢ ᠲᠡᠭᠦᠯᠳᠡᠷᠵᠢᠭᠦᠯᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠠᠮᠢᠶ᠎ᠠ | ᠪᠦᠬᠦᠢ ᠶᠠᠪᠤᠳᠠᠯ ᠤᠨ ᠲᠤᠬᠠᠢ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠵᠠᠢ᠃ | ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠢᠨᠵᠢᠯᠡᠨ | ᠪᠠᠶᠢᠴᠠᠭᠠᠵᠤ ᠵᠣᠯᠭᠠᠭᠤᠯᠬᠤ ᠠᠵᠢᠯᠯᠠᠭ᠎ᠠ ᠳᠤ ᠣᠷᠣᠯᠴᠠᠪᠠ᠃ |