| | ᠤᠶᠢᠷ᠎ᠠ ᠶᠢᠨ ᠬᠤᠶᠠᠷ ᠵᠢᠯ ᠵᠠᠯᠠᠶᠢᠳ ᠬᠤᠰᠢᠭᠤ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠰᠠᠭᠤᠷᠢᠨ | ᠭᠠᠵᠠᠷ ᠢ ᠪᠠᠶᠢᠭᠤᠯᠵᠤ᠂ ᠰᠣᠶᠣᠯ ᠤᠨ ᠠᠭᠤᠯᠤᠭᠳᠠᠬᠤᠨ ᠢ ᠠᠭᠤᠳᠠᠯᠵᠤ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ | ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠪᠣᠶ ᠪᠣᠯᠭᠠᠵᠤ᠂ ᠪᠥᠬᠦ ᠬᠤᠰᠢᠭᠤᠨ ᠤ ᠰᠣᠶᠣᠯ ᠤᠨ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠵᠤ ᠪᠠᠶᠢᠨ᠎ᠠ᠃ 5 ᠰᠠᠷ᠎ᠠ ᠶᠢᠨ 17 ᠤ ᠡᠳᠦᠷ᠂ ᠵᠠᠯᠠᠶᠢᠳ ᠬᠤᠰᠢᠭᠤ ᠤᠮᠠᠷᠠᠲᠤ | ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠲᠡᠭᠡᠭᠰᠢᠯᠡᠬᠦᠯᠬᠦ ᠠᠵᠢᠯᠯᠠᠭ᠎ᠠ ᠵᠢᠴᠢ ᠤᠮᠠᠷᠠᠲᠤ ᠬᠢᠯᠢ ᠶᠢᠨ ᠰᠣᠶᠣᠯ ᠤᠨ | ᠰᠤᠳᠤᠯᠭᠠᠨ ᠤ ᠰᠠᠭᠤᠷᠢᠨ ᠭᠠᠵᠠᠷ ᠤᠨ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠭᠤᠯᠵᠠᠢ᠃ | ᠬᠤᠷᠠᠯ ᠳᠡᠭᠡᠷ᠎ᠡ ︽ᠵᠠᠯᠠᠶᠢᠳ ᠬᠤᠰᠢᠭᠤᠨ ᠤ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠰᠠᠭᠤᠷᠢᠨ | ᠭᠠᠵᠠᠷ ᠤᠨ ᠠᠵᠢᠯᠯᠠᠭᠠᠨ ᠤ ᠲᠣᠭᠲᠠᠴᠠ ︵ᠲᠤᠷᠰᠢᠨ ᠬᠡᠷᠡᠭᠵᠢᠭᠦᠯᠬᠦ︶︾ ᠳᠤ ᠲᠠᠶᠢᠯᠤᠮᠵᠢ ᠬᠢᠵᠦ᠂ ᠤᠮᠠᠷᠠᠲᠤ | ᠬᠢᠯᠢ ᠶᠢᠨ ᠰᠣᠶᠣᠯ ᠤᠨ ᠰᠤᠳᠤᠯᠭᠠᠨ ᠤ ᠰᠠᠭᠤᠷᠢᠨ ᠭᠠᠵᠠᠷ ᠤᠨ ᠣᠨᠴᠠ ᠤᠷᠢᠭᠰᠠᠨ ᠲᠤᠰᠬᠠᠶ ᠮᠡᠷᠭᠡᠵᠢᠯᠲᠡᠨ ᠳᠤ | ᠤᠷᠢᠯᠭ᠎ᠠ ᠶᠢᠨ ᠪᠢᠴᠢᠭ ᠣᠯᠭᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ | ᠪᠠᠶᠢᠷᠢᠯᠠᠭᠤᠯᠪᠠ᠃ | ᠵᠠᠯᠠᠶᠢᠳ ᠬᠤᠰᠢᠭᠤᠨ ᠤ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠰᠠᠭᠤᠷᠢᠨ ᠭᠠᠵᠠᠷ ᠢ | ᠬᠤᠪᠢᠰᠬᠠᠯᠳᠤ ᠰᠣᠶᠣᠯ ᠤᠨ ᠰᠤᠳᠤᠯᠭᠠᠨ ᠤ ᠲᠥᠪ᠂ ᠬᠤᠪᠢᠰᠬᠠᠯᠲᠤ ᠰᠣᠶᠣᠯ ᠤᠨ ᠵᠠᠯᠠᠶᠢᠳ ᠤᠨ ᠨᠡᠷᠡᠳᠤ ᠬᠦᠮᠤᠰ | ᠤᠨ ᠰᠤᠳᠤᠯᠭᠠᠨ ᠤ ᠲᠠᠰᠤᠭ᠂ ᠲᠠᠷᠢᠶᠠᠯᠠᠬᠤ ᠰᠣᠶᠣᠯ ᠤᠨ ᠰᠤᠳᠤᠯᠭᠠᠨ ᠤ ᠲᠥᠪ᠂ ᠠᠯᠳᠠᠨ ᠤᠯᠤᠰ ᠯᠢᠶᠤᠤ ᠤᠯᠤᠰ | ᠤᠨ ᠪᠤᠷᠤ ᠬᠡᠷᠡᠮ ᠤᠨ ᠰᠣᠶᠣᠯ ︵ᠰᠣᠶᠣᠯ ᠤᠨ ᠪᠠᠭᠤᠷᠢ︶ ᠤᠨ ᠰᠤᠳᠤᠯᠭᠠᠨ ᠤ ᠲᠥᠪ ᠵᠡᠷᠭᠡ ᠲᠥᠪ ᠬᠤᠪᠢᠶᠠᠵᠠᠢ᠃ | ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠰᠠᠭᠤᠷᠢᠨ ᠭᠠᠵᠠᠷ ᠤᠨ ᠪᠠᠶᠢᠭᠤᠯᠤᠭᠳᠠᠭᠰᠠᠨ ᠨᠢ ᠰᠢᠯᠢᠳᠡᠭ | ᠰᠣᠶᠣᠯ ᠤᠨ ᠡᠬᠢ ᠪᠠᠶᠠᠯᠢᠭ ᠢ ᠨᠠᠩ ᠰᠠᠶᠢᠲᠤᠷ ᠤᠯᠠᠮᠵᠢᠯᠠᠨ ᠵᠠᠯᠭᠠᠮᠵᠢᠯᠠᠵᠤ᠂ ᠬᠤᠪᠢᠰᠬᠠᠯᠲᠤ ᠰᠣᠶᠣᠯ᠂ ᠲᠠᠯ᠎ᠠ | ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠲᠡᠤᠭᠡᠨ ᠳᠠᠬᠢ ᠪᠤᠷᠤ ᠬᠡᠷᠡᠮ ᠤᠨ ᠰᠣᠶᠣᠯ ᠵᠡᠷᠭᠡ ᠲᠠᠯ᠎ᠠ ᠪᠠᠷ | ᠵᠠᠯᠠᠶᠢᠳ ᠬᠤᠰᠢᠭᠤᠨ ᠤ ᠰᠣᠶᠣᠯ ᠤᠨ ᠰᠤᠳᠠᠰᠤ ᠶᠢ ᠭᠦᠨᠵᠡᠭᠡᠶ ᠠᠭᠤᠳᠠᠯᠬᠤ ᠪᠠᠷ ᠳᠠᠮᠵᠢᠭᠤᠯᠤᠨ᠂ ᠵᠠᠯᠠᠶᠢᠳ | ᠬᠤᠰᠢᠭᠤᠨ ᠤ ᠲᠡᠦᠬᠡ ᠰᠣᠶᠣᠯ ᠤᠨ ᠥᠯᠢᠭᠡᠷ᠂ ᠠᠵᠤ ᠦᠢᠯᠡᠰ ᠤᠨ ᠬᠥᠭᠵᠢᠯᠲᠡ ᠶᠢᠨ ᠥᠯᠢᠭᠡᠷ ᠢ ᠰᠠᠶᠢᠲᠤᠷ | ᠶᠠᠷᠢᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠲᠡᠶ ᠰᠣᠶᠣᠯ ᠤᠨ | ᠲᠤᠯᠭᠠᠭᠤᠷᠢᠯᠠᠯ ᠪᠠ ᠣᠶᠤᠨ ᠤ ᠳᠡᠮᠵᠢᠯᠭᠡ ᠬᠠᠩᠭᠠᠬᠤ ᠳᠤ ᠠᠰᠢᠭᠲᠠᠶ ᠶᠤᠮ᠃ |