ᠵᠠᠯᠠᠶᠢᠳ ᠬᠤᠰᠢᠭᠤ ︽ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ︾ ᠤᠨ ᠵᠡᠮᠳᠡᠭ ᠬᠡᠦᠬᠡᠳ ᠢ ᠲᠣᠬᠤᠨᠢᠭᠤᠯᠵᠠᠢ
ᠨᠡᠶᠢᠲᠡᠯᠡᠭᠰᠡᠨ ᠴᠠᠭ᠄
2025/5/19
     35 ᠳ᠋ᠤᠭᠠᠷ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠬᠦᠷᠴᠦ ᠢᠷᠡᠬᠦ ᠲᠠᠰᠢᠷᠠᠮ ᠢᠶᠠᠷ᠂ ᠵᠡᠮᠳᠡᠭ ᠬᠡᠦᠬᠡᠳ ᠢ ᠨᠡᠩ ᠰᠠᠶᠢᠲᠤᠷ ᠬᠠᠶᠢᠷᠠᠯᠠᠨ ᠬᠠᠯᠠᠮᠵᠢᠯᠠᠬᠤ ᠶᠢᠨ ᠲᠥᠯᠥᠭᠡ᠂ 5 ᠰᠠᠷ᠎ᠠ ᠶᠢᠨ 15 ᠤ ᠡᠳᠦᠷ᠂ ᠵᠠᠯᠠᠶᠢᠳ ᠬᠤᠰᠢᠭᠤᠨ ᠤ ᠡᠪᠯᠡᠯ ᠤᠨ ᠬᠤᠷᠢᠶ᠎ᠠ᠂ ᠵᠠᠯᠠᠶᠢᠳ ᠬᠤᠰᠢᠭᠤᠨ ᠤ ᠵᠠᠯᠠᠭᠤ ᠰᠠᠶᠢᠨ ᠲᠤᠷᠠᠴᠤᠳ ᠤᠨ ᠨᠡᠶᠢᠭᠡᠮᠯᠢᠭ ᠲᠠᠢ ᠬᠠᠮᠲᠤᠷᠠᠨ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠵᠡᠮᠳᠡᠭ ᠬᠡᠦᠬᠡᠳ ᠲᠤ ᠡᠳ᠋ ᠪᠣᠳᠠᠰ ᠪᠣᠯᠤᠨ ᠤᠶᠤᠨ ᠰᠠᠨᠠᠭᠠᠨ ᠤ ᠬᠠᠯᠠᠭᠤᠨ ᠳᠤᠯᠠᠭᠠᠨ ᠬᠦᠷᠭᠡᠭᠰᠡᠨ ᠪᠠᠶᠢᠨ᠎ᠠ᠃     ᠲᠤᠰ ᠲᠤᠬᠤᠨᠢᠭᠤᠯᠬᠤ ᠠᠵᠢᠯᠯᠠᠭ᠎ᠠ ᠳᠤ᠂ ᠵᠠᠯᠠᠭᠤ ᠰᠠᠶᠢᠨ ᠲᠤᠷᠠᠴᠤᠳ ᠵᠡᠮᠳᠡᠭ ᠬᠡᠦᠬᠡᠳ ᠤᠳ ᠲᠠᠢ ᠰᠠᠨᠠᠯ ᠢᠶᠠᠨ ᠰᠣᠯᠢᠯᠴᠠᠵᠤ᠂ ᠲᠡᠳᠡᠨ ᠤ ᠬᠡᠦᠬᠡᠳ ᠤᠨ ᠡᠳᠦᠷ ᠲᠤᠳᠤᠮ ᠤᠨ ᠬᠡᠷᠡᠭᠴᠡᠭᠡ ᠶᠢ ᠣᠶᠢᠯᠠᠭᠠᠵᠤ᠂ ᠰᠠᠨᠠᠯ ᠰᠠᠨᠠᠭᠤᠯᠭ᠎ᠠ ᠶᠢ ᠰᠣᠨᠣᠰᠬᠤ ᠶᠢᠨ ᠬᠠᠮᠲᠤ ᠰᠡᠳᠬᠢᠴᠡ ᠶᠢᠨ ᠵᠢᠯᠣᠭᠤᠳᠤᠯᠭ᠎ᠠ ᠬᠢᠪᠠ᠂ ᠬᠡᠦᠬᠡᠳ ᠤᠳ ᠤᠨ ᠢᠳᠡᠪᠬᠢᠲᠡᠢ ᠦᠭᠡᠳᠡᠷᠬᠡᠭ ᠣᠪᠣᠷ ᠢᠶᠠᠷ ᠠᠮᠢᠳᠤᠷᠠᠯ ᠳᠠᠭᠠᠨ ᠬᠠᠨᠳᠤᠬᠤ ᠶᠢ ᠵᠢᠯᠤᠭᠤᠳᠪᠠ᠃ ᠪᠠᠰᠠ ᠵᠠᠯᠠᠭᠤ ᠰᠠᠶᠢᠨ ᠲᠤᠷᠠᠴᠤᠳ ᠨᠣᠮ ᠪᠢᠴᠢᠭ᠂ ᠵᠢᠷᠤᠭ ᠤᠨ ᠪᠢᠷ ᠵᠡᠷᠭᠡ ᠰᠤᠷᠤᠯᠭ᠎ᠠ ᠶᠢᠨ ᠬᠡᠷᠡᠭᠰᠡᠯ ᠢ ᠬᠦᠷᠭᠡᠬᠦ ᠶᠢᠨ ᠬᠠᠮᠲᠤ ᠲᠡᠳᠡᠨ ᠢ ᠢᠳᠡᠪᠬᠢᠲᠡᠶ ᠪᠠᠷ ᠥᠭᠡᠳᠡᠯᠡᠨ ᠳᠠᠪᠰᠢᠵᠤ᠂ ᠴᠢᠷᠮᠠᠶᠢᠨ ᠰᠤᠷᠤᠯᠴᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠶᠢ ᠵᠤᠷᠢᠬᠵᠢᠭᠤᠯᠤᠭᠰᠠᠨ ᠪᠠᠶᠢᠨ᠎ᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号