| | ᠬᠢᠷᠢᠨ ᠮᠤᠵᠢ ᠶᠢᠨ ᠴᠠᠩᠴᠦ᠋ᠨ ᠤ ᠠᠵᠤ ᠠᠬᠤᠢ ᠶᠢᠨ ᠲᠣᠭᠤᠷᠢᠭ ᠬᠠᠮᠵᠢᠯᠴᠠᠨ ᠠᠵᠢᠯᠯᠠᠬᠤ ᠲᠤᠬᠠᠢ ᠬᠢᠩᠭᠠᠨ | ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠬᠤᠯᠪᠣᠭᠳᠠᠯ ᠪᠦᠬᠦᠢ ᠠᠵᠢᠯ ᠤᠨ | ᠲᠣᠬᠢᠷᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠣᠷᠣᠨ ᠪᠦᠰᠡ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠬᠦᠯᠬᠦ︾ ᠠᠵᠢᠯᠯᠠᠭ᠎ᠠ ᠶᠢ ᠠᠬᠢᠭᠤᠯᠬᠤ ᠪᠠᠷ᠂ 5 ᠰᠠᠷ᠎ᠠ ᠶᠢᠨ 19 ᠤ ᠡᠳᠦᠷ ᠠᠴᠠ 20 ᠤ ᠡᠳᠦᠷ | ᠪᠣᠯᠲᠠᠯ᠎ᠠ᠂ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠯᠢ ᠬᠤᠤ | ᠴᠠᠩᠴᠦ᠋ᠨ ᠤ ︵ᠬᠦᠩᠵᠤ ᠯᠢᠩ︶ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠵᠢᠱᠢᠶ᠎ᠡ ᠦᠵᠡᠭᠦᠯᠬᠦ ᠲᠣᠭᠤᠷᠢᠭ᠂ ᠴᠠᠩᠴᠦ᠋ᠨ ᠤ ᠵᠢᠩ ᠶᠤᠸᠠᠢ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ᠂ ᠴᠠᠩᠴᠦ᠋ᠨ ᠤ ᠰᠢᠨ᠎ᠡ ᠲᠣᠭᠤᠷᠢᠭ ᠢᠶᠠᠷ ᠬᠦᠷᠴᠦ ᠰᠢᠨᠵᠢᠯᠡᠨ ᠪᠠᠶᠢᠴᠠᠭᠠᠵᠤ | ᠬᠠᠮᠳᠤᠷᠠᠯᠴᠠᠭ᠎ᠠ ᠬᠢᠬᠦ ᠠᠵᠢᠯ ᠢ ᠵᠤᠯᠭᠠᠭᠤᠯᠵᠠᠢ᠃ | ᠯᠢ ᠬᠤᠤ ᠤᠷᠢᠳ ᠬᠤᠵᠢᠳ ᠬᠢᠷᠢᠨ ᠤ ᠬᠤᠩ ᠰᠢᠶᠠᠩ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ᠂ | ᠨᠦᠩ ᠰᠣᠣ ᠢᠳᠡᠭᠡᠨ ᠤ ᠬᠢᠵᠠᠭᠠᠷᠲᠤ ᠺᠣᠮᠫᠠᠨᠢ᠂ ᠵᠢᠶᠠᠨ ᠢ ᠲᠠᠷᠢᠶᠠᠯᠠᠩ ᠤᠨ ᠶᠡᠷᠤᠩᠬᠡᠢ ᠨᠡᠭᠡᠭᠡᠨ | ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠂ ᠬᠢᠷᠢᠨ ᠮᠤᠵᠢ ᠶᠢᠨ ᠲᠣᠭᠠᠴᠢᠯᠠᠭᠰᠠᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ᠂ ᠴᠠᠩᠴᠦ᠋ᠨ ᠤ ᠱᠧᠨ ᠯᠠᠨ ᠱᠢ ᠳ᠋ᠠᠢ ᠤᠯᠠᠨ ᠤᠯᠤᠰ ᠤᠨ ᠠᠷᠠᠯᠵᠢᠶᠠᠨ ᠤ ᠬᠢᠵᠠᠭᠠᠷᠳᠤ | ᠺᠣᠮᠫᠠᠨᠢ ᠵᠡᠷᠭᠡ ᠠᠵᠤ ᠠᠬᠤᠶᠢᠯᠠᠯ ᠢᠶᠠᠷ ᠲᠣᠭᠤᠷᠢᠨ ᠦᠵᠡᠭᠰᠡᠨ ᠪᠥᠭᠡᠳ ᠡᠯ᠎ᠡ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠲᠠᠢ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃ ᠬᠤᠶᠠᠷ ᠲᠠᠯ᠎ᠠ ᠪᠠᠷ ᠢᠶᠠᠨ | ᠤᠯᠤᠯᠴᠠᠭ᠎ᠠ ᠬᠠᠮᠲᠤᠷᠠᠯᠴᠠᠭᠠᠨ ᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠲᠤᠰ ᠲᠤᠰ ᠤᠨ ᠳᠠᠪᠠᠭᠤᠯᠢᠭ | ᠡᠬᠢ ᠪᠠᠶᠠᠯᠢᠭ ᠢᠶᠠᠨ ᠨᠡᠶᠢᠳᠬᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠰᠠᠶᠢᠨ ᠬᠤᠷᠰᠢᠯᠴᠠᠬᠤ᠂ | ᠬᠠᠮᠲᠤᠪᠠᠷ ᠠᠰᠢᠭ ᠬᠦᠷᠳᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠭᠤᠣᠯᠳᠠᠯᠭ᠎ᠠ ᠪᠣᠯᠭᠠᠵᠤ᠂ ᠡᠷᠳᠡᠨᠢ ᠰᠢᠰᠢ ᠤᠰᠤᠨ ᠲᠤᠲᠤᠷᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ᠂ ᠤᠳᠤ | ᠦᠶ᠎ᠡ ᠶᠢᠨ ᠲᠦᠬᠦᠭᠡᠷᠦᠮᠵᠢᠲᠦ ᠲᠠᠷᠢᠶᠠᠯᠠᠩ᠂ ᠵᠢᠭᠤᠯᠴᠢᠯᠠᠯ ᠤᠨ ᠠᠵᠤ ᠦᠢᠯᠡᠰ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠶᠢ ᠴᠢᠨᠠᠭᠰᠢᠳᠠ ᠥᠷᠭᠡᠳᠬᠡᠵᠦ᠂ ᠬᠠᠮᠲᠤᠷᠠᠯᠴᠠᠭᠠᠨ ᠤ ᠠᠭᠤᠯᠭ᠎ᠠ ᠶᠢ ᠪᠠᠶᠠᠯᠢᠭᠵᠢᠭᠤᠯᠤᠨ᠂ | ᠬᠠᠮᠲᠤᠷᠠᠯᠴᠠᠭᠠᠨ ᠤ ᠲᠣᠭᠲᠠᠴᠠ ᠶᠢ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠬᠡᠯᠪᠡᠷᠢ ᠶᠢᠨ ᠰᠢᠨ᠎ᠡ ᠶᠢ ᠡᠭᠦᠳᠴᠦ᠂ | ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ ᠭᠡᠵᠦ ᠢᠯᠡᠳᠬᠡᠵᠠᠢ᠃ | ᠬᠤᠰᠢᠭᠤᠨ ᠤ ᠤᠳᠤᠷᠢᠳᠤᠯᠭ᠎ᠠ ᠯᠢᠦ ᠭᠦᠸᠧ ᠮᠢᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃ |