ᠵᠠᠯᠠᠶᠢᠳ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠵᠢᠴᠢ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠬᠢᠨᠠᠯᠲᠠ ᠲᠠᠯᠪᠢᠬᠤ ᠠᠵᠢᠯ ᠤᠨ ᠡᠬᠢᠯᠡᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/22
      5 ᠰᠠᠷ᠎ᠠ ᠶᠢᠨ 21 ᠤ ᠡᠳᠦᠷ᠂ ᠵᠠᠯᠠᠶᠢᠳ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠵᠢᠴᠢ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠬᠢᠨᠠᠯᠲᠠ ᠲᠠᠯᠪᠢᠬᠤ ᠠᠵᠢᠯ ᠤᠨ ᠡᠬᠢᠯᠡᠯᠲᠡ ᠶᠢᠨ ᠬᠤᠷᠠᠯ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠵᠤ᠂ ᠵᠠᠯᠠᠶᠢᠳ ᠬᠤᠰᠢᠭᠤᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠬᠠᠷᠢᠭᠤ ᠮᠡᠳᠡᠭᠦᠯᠵᠡᠢ᠃ ᠵᠠᠯᠠᠶᠢᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠠᠰᠪᠦ᠋ᠬᠡ ᠬᠤᠷᠠᠯ ᠳᠤ ᠣᠷᠣᠯᠴᠠᠪᠠ᠃     ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ ︽ᠲᠤᠰᠢᠶᠠᠯ ᠬᠠᠷᠢᠭᠤᠴᠠᠯᠭ᠎ᠠ ᠶᠢ ᠲᠣᠭᠲᠠᠭᠠᠬᠤ᠂ ᠡᠭᠦᠷᠭᠡ ᠶᠢ ᠲᠣᠭᠲᠠᠭᠠᠬᠤ᠂ ᠠᠵᠢᠯᠳᠠᠨ ᠢ ᠲᠣᠭᠲᠠᠭᠠᠬᠤ᠂ ᠴᠠᠭ ᠤᠨ ᠬᠢᠵᠠᠭᠠᠷ ᠢ ᠲᠣᠭᠲᠠᠭᠠᠬᠤ᠂ ᠱᠠᠭᠠᠷᠳᠠᠯᠭ᠎ᠠ ᠶᠢ ᠲᠣᠭᠲᠠᠭᠠᠬᠤ︾ ᠶᠣᠰᠣᠭᠠᠷ᠂ ᠲᠤᠰᠬᠠᠢ ᠬᠥᠮᠦᠨ ᠲᠤᠰᠬᠠᠢ ᠠᠩᠬᠢ ᠶᠢ ᠲᠣᠳᠣᠷᠬᠠᠶᠢᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ  ᠭᠦᠢᠴᠡᠳᠬᠡᠬᠦ ᠶᠠᠪᠤᠴᠠ ᠶᠢ ᠴᠢᠩᠭ᠎ᠠ ᠵᠢᠷᠤᠮᠵᠢᠭᠤᠯᠬᠤ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠬᠠᠮᠢᠶ᠎ᠠ ᠪᠦᠬᠦᠢ ᠠᠰᠠᠭᠤᠳᠠᠯ ᠢ ᠨᠢᠭᠤᠷᠳᠠᠨ ᠰᠤᠳᠤᠯᠤᠨ ᠰᠢᠢᠳᠪᠦᠷᠢᠯᠡᠵᠦ᠂ ᠰᠢᠢᠳᠪᠦᠷᠢᠯᠡᠬᠦ ᠠᠵᠢᠯ ᠤᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠶ᠃ ᠠᠵᠢᠯ ᠤᠨ ᠬᠢᠨᠠᠯᠲᠠ ᠶᠢ ᠴᠢᠩᠭᠠᠳᠬᠠᠵᠤ᠂ ᠵᠣᠬᠢᠴᠠᠭᠤᠯᠤᠨ ᠬᠠᠮᠲᠤᠷᠠᠯᠴᠠᠬᠤ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠰᠠᠨᠠᠭᠤᠯᠭ᠎ᠠ ᠶᠢ ᠱᠠᠯᠠᠪᠳᠠᠭᠤᠯᠤᠨ ᠰᠢᠢᠳᠪᠦᠷᠢᠯᠡᠬᠦ ᠶᠢ ᠰᠠᠶᠢᠲᠤᠷ ᠠᠳᠬᠤᠵᠤ᠂ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤ ᠥᠭᠬᠦ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃      ᠬᠤᠷᠠᠯ ᠠᠴᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠰᠠᠶᠢᠲᠤᠷ ᠬᠢᠬᠦ ᠪᠣᠯ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠪᠥᠬᠦ ᠬᠤᠰᠢᠭᠤᠨ ᠤ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠮᠥᠨ᠂ ᠨᠠᠩ ᠴᠤ ᠦᠨᠡᠨ ᠪᠣᠳᠠᠲᠠᠶ ᠠᠷᠠᠳ ᠤᠨ ᠰᠡᠳᠬᠢᠯ ᠤᠨ ᠢᠨᠵᠧᠨᠧᠷᠢᠩ ᠮᠥᠨ᠃ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠤᠬᠠᠮᠰᠠᠷ ᠢᠶᠠᠨ ᠳᠡᠭᠡᠭᠰᠢᠯᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠳᠠᠢ ᠲᠤᠭ᠎ᠠ ᠬᠡᠮᠵᠢᠶ᠎ᠡ ᠶᠢ ᠪᠠᠲᠤᠯᠠᠬᠤ ᠬᠡᠷᠡᠭᠲᠡᠢ ᠭᠡᠵᠤ ᠱᠠᠭᠠᠷᠳᠠᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号