| ᠤᠯᠠᠭᠠᠨᠬᠤᠲᠠ ᠶᠢᠨ ᠲᠦᠬᠦᠭᠡᠷᠦᠮᠵᠢᠲᠦ ᠲᠠᠷᠢᠶᠠᠯᠠᠩ ᠢ ᠬᠥᠭᠵᠢᠭᠦᠯᠬᠦ ᠲᠠᠯ᠎ᠠ ᠪᠠᠷ ᠬᠢ ᠬᠠᠶᠢᠨ | ᠰᠥᠪᠡᠭᠴᠢᠯᠡᠯᠲᠡ ᠶᠢᠨ ᠦᠢᠯᠡᠳᠦᠯᠭᠡ ᠪᠠ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ ᠲᠣᠯᠢᠯᠠᠵᠤ᠂ | ᠤᠯᠠᠭᠠᠨᠬᠤᠲᠠ ᠶᠢᠨ ᠲᠦᠬᠦᠭᠡᠷᠤᠮᠵᠢᠳᠤ ᠲᠠᠷᠢᠶᠠᠯᠠᠩ ᠤᠨ ᠮᠡᠷᠭᠡᠵᠢᠯ ᠤᠨ ᠬᠡᠷᠡᠭᠯᠡᠯᠲᠡ᠂ ᠠᠵᠤ ᠦᠢᠯᠡᠰ ᠤᠨ ᠵᠠᠭᠪᠤᠷ᠂ | ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠠᠵᠤ ᠠᠬᠤᠶ ᠶᠢᠨ ᠦᠷ᠎ᠡ ᠠᠰᠢᠭ ᠵᠡᠷᠭᠡ ᠲᠠᠯ᠎ᠠ ᠶᠢᠨ ᠬᠥᠭᠵᠢᠯᠲᠡ ᠶᠢᠨ | ᠣᠳᠣᠬᠢ ᠪᠠᠶᠢᠳᠠᠯ ᠢ ᠭᠦᠨᠵᠡᠭᠡᠶ ᠣᠶᠢᠯᠠᠭᠠᠬᠤ ᠶᠢᠨ ᠲᠥᠯᠥᠭᠡ᠂ 5 ᠰᠠᠷ᠎ᠠ ᠶᠢᠨ 20 ᠤ ᠡᠳᠦᠷ᠂ ᠵᠠᠯᠠᠶᠢᠳ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢᠨᠵᠢᠯᠡᠨ | ᠪᠠᠶᠢᠴᠠᠭᠠᠬᠤ ᠪᠦᠯᠬᠦᠮ ᠢ ᠵᠣᠬᠢᠶᠠᠨ ᠪᠠᠶᠢᠭᠤᠯᠵᠤ ᠤᠯᠠᠭᠠᠨᠬᠤᠲᠠ ᠳᠤ ᠬᠦᠷᠴᠤ ᠰᠢᠨᠵᠢᠯᠡᠨ ᠪᠠᠶᠢᠴᠠᠭᠠᠵᠤ ᠰᠤᠷᠤᠯᠴᠠᠵᠠᠢ | ᠃ | ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠤᠯᠠᠭᠠᠨᠬᠠᠳᠠ ᠪᠠᠯᠭᠠᠰᠤᠨ ᠤ ᠭᠤᠤ ᠶᠢᠨ | ᠠᠶᠢᠯ ᠭᠠᠴᠠᠭᠠᠨ ᠤ ᠲᠦᠬᠦᠭᠡᠷᠦᠮᠵᠢᠲᠦ ᠲᠠᠷᠢᠶᠠᠯᠠᠩ ᠤᠨ ᠲᠣᠭᠤᠷᠢᠭ ᠤᠨ B ᠲᠣᠭᠤᠷᠢᠭ᠂ A ᠲᠣᠭᠤᠷᠢᠭ᠂ C | ᠲᠣᠭᠤᠷᠢᠭ ᠢᠶᠠᠷ ᠬᠦᠷᠴᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ | ᠤᠯᠠᠭᠠᠨᠬᠤᠲᠠ ᠶᠢᠨ ᠳᠡᠳ᠋ ᠳᠠᠷᠤᠭ᠎ᠠ᠂ ᠤᠯᠠᠭᠠᠨᠬᠠᠳᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠣᠯᠤᠨ | ᠱᠠᠨᠳᠦ᠋ᠩ ᠤᠨ ᠯᠢᠩ ᠸᠧ ᠲᠠᠷᠢᠶᠠᠯᠠᠩ ᠤᠨ ᠬᠡᠷᠡᠭ ᠮᠡᠳᠡᠭᠴᠢᠳ ᠤᠨ ᠳᠠᠷᠤᠭ᠎ᠠ ᠲᠠᠢ ᠨᠢᠭᠤᠷᠳᠠᠨ ᠶᠠᠷᠢᠯᠴᠠᠪᠠ᠃ | ᠣᠶᠢᠯᠠᠭᠠᠭᠰᠠᠨ ᠢᠶᠠᠷ᠂ ᠤᠯᠠᠭᠠᠨᠬᠤᠲᠠ ︽ᠲᠥᠬᠦᠭᠡᠷᠦᠮᠵᠢ ᠶᠢ ᠰᠢᠯᠢᠳᠡᠭᠵᠢᠭᠦᠯᠬᠦ᠂ ᠭᠤᠤᠯ ᠴᠣᠭᠴᠠ ᠶᠢ ᠪᠤᠢ | ᠪᠤᠯᠭᠠᠬᠤ᠂ ᠮᠡᠷᠭᠡᠵᠢᠯ ᠢ ᠳᠡᠯᠭᠡᠷᠡᠭᠦᠯᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠵᠦᠶ ᠵᠣᠬᠢᠰᠲᠠᠶ ᠪᠠᠶᠢᠷᠢᠰᠢᠭᠤᠯᠤᠨ᠂ 2022 ᠣᠨ ᠠᠴᠠ ᠨᠠᠭᠠᠰᠢ᠂ ᠭᠤᠤ ᠶᠢᠨ ᠠᠶᠢᠯ | ᠭᠠᠴᠠᠭᠠᠨ ᠤ ᠲᠥᠬᠦᠭᠡᠷᠦᠮᠵᠢᠲᠦ ᠲᠠᠷᠢᠶᠠᠯᠠᠩ ᠤᠨ ᠪᠦᠯᠬᠦᠮ ᠢ ᠭᠤᠤᠯᠳᠠᠯᠭ᠎ᠠ ᠲᠠᠢ ᠪᠠᠶᠢᠭᠤᠯᠵᠤ᠂ 314 ᠮᠥ ᠲᠠᠯᠠᠪᠠᠶ | ᠡᠵᠡᠯᠡᠨ᠂ ᠨᠡᠶᠢᠲᠡ A᠂ B᠂ C ᠭᠤᠷᠪᠠᠨ ᠣᠷᠣᠨ ᠪᠦᠰᠡ ᠬᠤᠪᠢᠶᠠᠵᠤ᠂ ᠡᠭᠦᠨ ᠳᠤ A ᠲᠣᠭᠤᠷᠢᠭ ᠨᠢ ᠵᠢᠮᠢᠰ | ᠨᠣᠭᠤᠭ᠎ᠠ ᠲᠡᠭᠦᠬᠦ᠂ ᠲᠤᠭᠤᠷᠢᠨ ᠦᠵᠡᠬᠦ ᠲᠠᠷᠢᠶᠠᠯᠠᠩ᠂ ᠰᠤᠳᠤᠯᠤᠨ ᠰᠤᠷᠤᠯᠴᠠᠬᠤ ᠶᠢ ᠨᠢᠭᠡ ᠴᠤᠭᠴᠠᠵᠢᠭᠤᠯᠵᠤ᠂ | ᠭᠤᠤᠯᠳᠠᠭᠤ ᠭᠠᠳᠢᠷ᠎ᠠ ᠵᠢᠮᠢᠰ᠂ ᠭᠤᠴᠤ ᠵᠢᠮᠢᠰ᠂ ᠦᠵᠤᠮ ᠲᠠᠷᠢᠵᠤ ᠪᠤᠢ᠃ B ᠲᠣᠭᠤᠷᠢᠭ ᠨᠢ ᠣᠯᠠᠨ ᠲᠦᠮᠡᠨ ᠤ | ᠢᠳᠡᠰᠢᠨ ᠨᠣᠭᠤᠭ᠎ᠠ ᠪᠠ ᠵᠢᠮᠢᠰ ᠲᠡᠬᠦᠬᠦ ᠪᠠᠷ ᠬᠠᠷᠠᠯᠲᠠ ᠪᠣᠯᠭᠠᠵᠤ᠂ ᠴᠢᠨᠠᠷ ᠰᠠᠶᠢᠲᠠᠶ ᠨᠠᠪᠴᠢᠲᠤ ᠨᠣᠭᠤᠭ᠎ᠠ᠂ | ᠭᠦᠵᠡᠯᠵᠡᠭᠡᠨ᠎ᠡ᠂ ᠲᠥᠪᠡᠳ ᠬᠠᠰᠢ᠂ ᠲᠠᠷᠪᠤᠰ ᠵᠡᠷᠭᠡ ᠲᠠᠷᠢᠮᠠᠯ ᠢ ᠰᠤᠩᠭᠤᠨ ᠲᠠᠷᠢᠳᠠᠭ᠃ C ᠲᠣᠭᠤᠷᠢᠭ ᠨᠢ ᠨᠠᠷᠰᠤ | ᠳᠠᠷᠢᠬᠤ ᠪᠠᠷ ᠭᠤᠤᠯᠯᠠᠵᠤ᠂ ᠪᠥᠬᠦ ᠰᠠᠭᠤᠷᠢ ᠴᠢᠨᠠᠷᠲᠠᠶ ᠬᠦᠷᠤᠰᠤ ᠰᠢᠷᠣᠶ ᠥᠬᠡᠶ ᠪᠠᠷ ᠳᠠᠷᠢᠵᠤ ᠤᠷᠭᠤᠭᠤᠯᠬᠤ᠂ | ᠤᠶᠤᠨᠴᠢᠯᠠᠭᠰᠠᠨ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠤᠰᠤᠯᠠᠯᠲᠠ᠂ ᠪᠠᠷᠠᠭᠠᠨ ᠤ ᠬᠦᠢᠯᠭᠡᠭᠡ ᠶᠢᠨ | ᠠᠦ᠋ᠲ᠋ᠣᠴᠢᠯᠠᠭᠰᠠᠨ ᠲᠠᠷᠢᠶᠠᠯᠠᠩ ᠤᠨ ᠶᠠᠪᠤᠳᠠᠯ ᠤᠨ ᠠᠵᠢᠯᠯᠠᠭ᠎ᠠ ᠵᠡᠷᠭᠡ ᠮᠡᠷᠭᠡᠵᠢᠯ ᠢ ᠬᠡᠷᠡᠭᠯᠡᠬᠦ ᠪᠠᠷ ᠲᠠᠮᠵᠢᠨ᠂ ᠨᠠᠷᠰᠤ | ᠶᠢᠨ ᠴᠢᠨᠠᠷ ᠰᠠᠶᠢᠲᠠᠶ᠂ ᠬᠤᠷᠣᠭᠳᠠᠯ ᠪᠠᠭᠠᠲᠠᠶ ᠪᠠᠶᠢᠳᠠᠯ ᠢᠶᠠᠷ ᠪᠤᠷᠤᠯᠠᠭᠤᠯᠭ᠎ᠠ ᠰᠠᠶᠢᠳᠠᠢ ᠪᠠᠶᠢᠳᠠᠭ᠃ ᠰᠢᠨᠵᠢᠯᠡᠨ | ᠪᠠᠶᠢᠴᠠᠭᠠᠬᠤ ᠪᠦᠯᠬᠦᠮ ᠪᠠᠰᠠ ᠱᠧᠨ ᠵᠢᠶᠦ᠋ᠨ ᠸᠠᠨ ᠠᠮᠢ ᠠᠬᠤᠢ ᠶᠢᠨ ᠪᠡᠶᠡᠴᠢᠯᠡᠨ ᠣᠶᠢᠯᠠᠭᠠᠬᠤ ᠲᠣᠭᠤᠷᠢᠭ᠂ | ᠤᠰᠤᠨ ᠲᠡᠭᠡᠷᠡᠬᠢ ᠬᠤᠭᠤᠯᠠᠨ ᠭᠡᠷ ᠢ ᠲᠣᠭᠤᠷᠢᠨ ᠦᠵᠡᠪᠡ᠃ | ᠲᠣᠰ ᠤᠳᠠᠭ᠎ᠠ ᠭᠠᠳᠠᠭᠰᠢ ᠭᠠᠷᠴᠤ ᠰᠤᠷᠤᠯᠴᠠᠭᠠᠳ ᠰᠢᠨᠵᠢᠯᠡᠨ ᠪᠠᠶᠢᠴᠠᠭᠠᠬᠤ ᠪᠦᠯᠬᠦᠮ ᠤᠨ ᠪᠦᠷᠢᠯᠳᠦᠬᠦᠨ | ᠨᠡᠷ ᠬᠦᠷᠦᠭᠰᠡᠨ ᠭᠠᠵᠠᠷ ᠪᠣᠯᠭᠠᠨ ᠳᠠᠭᠠᠨ ᠨᠠᠷᠢᠨ ᠬᠢᠨᠠᠮᠠᠭᠠᠶ ᠰᠣᠨᠣᠰᠴᠤ᠂ ᠨᠠᠷᠢᠨ ᠨᠢᠮᠪᠠᠶ ᠦᠵᠡᠵᠦ᠂ ᠳᠠᠷᠤᠤ | ᠬᠢᠴᠢᠶᠡᠩᠭᠦᠶ ᠪᠠᠷ ᠠᠰᠠᠭᠤᠵᠤ᠂ ᠲᠣᠰ ᠪᠡᠶ᠎ᠡ ᠶᠢᠨ ᠬᠦᠷᠦᠯᠴᠡᠬᠦ ᠥᠬᠡᠶ ᠲᠠᠯ᠎ᠠ ᠪᠠ ᠵᠥᠷᠢᠶ᠎ᠡ ᠪᠠᠨ ᠣᠯᠵᠤ ᠬᠠᠷᠠᠭᠰᠠᠨ | ᠢᠶᠠᠷ ᠪᠠᠷᠠᠬᠤ ᠦᠭᠡᠢ ᠪᠠᠰᠠ ᠲᠣᠰ ᠪᠡᠶ᠎ᠡ ᠶᠢᠨ ᠳᠠᠪᠠᠭᠤᠯᠢᠭ ᠪᠠ ᠳᠠᠯᠳᠠ ᠬᠦᠴᠦᠨ ᠢᠶᠠᠨ ᠣᠯᠵᠤ ᠬᠠᠷᠠᠵᠤ᠂ | ᠬᠠᠷᠠᠴᠠ ᠪᠠᠨ ᠥᠷᠭᠡᠳᠬᠡᠨ᠂ ᠦᠵᠡᠯᠲᠡ ᠪᠠᠨ ᠰᠢᠨᠡᠳᠬᠡᠵᠤ᠂ ᠰᠡᠳᠬᠢᠴᠡ ᠪᠠᠨ ᠰᠡᠬᠡᠭᠡᠷᠡᠭᠦᠯᠬᠦ ᠢᠳᠡᠪᠬᠢᠲᠡᠶ ᠦᠷ᠎ᠡ | ᠪᠦᠲᠦᠮᠵᠢ ᠤᠯᠵᠠᠢ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ᠂ ᠬᠤᠶᠠᠷ ᠭᠠᠵᠠᠷ ᠤᠨ ᠰᠠᠶᠢᠨ ᠲᠤᠷᠰᠢᠯᠭ᠎ᠠ | ᠰᠠᠶᠢᠨ ᠠᠷᠭ᠎ᠠ ᠬᠢᠳᠡᠯ ᠢ ᠭᠦᠢᠴᠡᠳ ᠰᠤᠷᠤᠯᠴᠠᠨ ᠲᠤᠯᠢᠳᠠᠵᠤ᠂ ᠡᠬᠢ ᠪᠠᠶᠠᠯᠢᠭ ᠤᠨ ᠳᠠᠪᠠᠭᠤᠯᠢᠭ ᠪᠣᠯᠤᠨ ᠠᠵᠤ | ᠦᠢᠯᠡᠰ ᠤᠨ ᠰᠠᠭᠤᠷᠢ ᠳᠤ ᠰᠠᠭᠤᠷᠢᠯᠠᠵᠤ᠂ ᠲᠠᠷᠢᠮᠠᠯ ᠤᠨ ᠲᠦᠷᠦᠯ ᠵᠦᠢᠯ ᠢ ᠵᠣᠬᠢᠰᠲᠠᠢ ᠲᠥᠯᠥᠪᠵᠢᠭᠦᠯᠵᠦ᠂ | ᠬᠡᠪᠴᠢᠶᠡᠵᠢᠭᠰᠡᠨ᠂ ᠠᠵᠤ ᠦᠢᠯᠡᠰᠵᠢᠭᠰᠡᠨ ᠬᠥᠭᠵᠢᠯᠲᠡ ᠶᠢ ᠪᠡᠶᠡᠯᠡᠭᠦᠯᠦᠨ᠎ᠡ ᠭᠡᠵᠦ ᠢᠯᠡᠳᠬᠡᠵᠡᠭᠡᠪᠡ᠃ |