| ᠤᠶᠢᠷ᠎ᠠ ᠶᠢᠨ ᠡᠳᠦᠷ᠂ ᠪᠡᠬᠡᠵᠢᠩ ᠤᠨ ᠴᠢᠶᠠᠨ ᠰᠢᠤᠸᠠᠢ ᠰᠧᠨ ᠲᠤᠮᠳᠠᠳᠤ ᠰᠤᠷᠭᠠᠭᠤᠯᠢ ᠶᠢᠨ ᠰᠤᠷᠭᠠᠨ | ᠬᠦᠮᠦᠵᠢᠯ ᠤᠨ ᠪᠦᠯᠦᠭᠯᠡᠯ ᠵᠠᠯᠠᠶᠢᠳ ᠬᠤᠰᠢᠭᠤᠨ ᠤ ᠢᠡᠳᠡᠷ ᠲᠠᠬᠢ ᠭᠤᠷᠪᠠᠳᠤᠭᠠᠷ ᠲᠤᠮᠳᠠᠳᠤ ᠰᠤᠷᠭᠠᠭᠤᠯᠢ ᠳᠤ | ᠢᠷᠡᠵᠦ ᠰᠤᠯᠢᠯᠴᠠᠭᠠᠨ ᠤ ᠲᠤᠬᠤᠨᠢᠭᠤᠯᠭ᠎ᠠ ᠶᠢᠨ ᠠᠵᠢᠯᠯᠠᠭ᠎ᠠ ᠦᠷᠨᠢᠬᠦᠯᠵᠦ᠂ ᠪᠡᠬᠡᠵᠢᠩ ᠦᠪᠦᠷ ᠮᠤᠩᠭᠤᠯ ᠤᠨ | ᠰᠤᠷᠭᠠᠨ ᠬᠦᠮᠦᠵᠢᠯ ᠤᠨ ᠰᠤᠯᠢᠯᠴᠠᠭ᠎ᠠ ᠪᠠᠷ ᠲᠠᠮᠵᠢᠭᠤᠯᠤᠨ᠂ ᠵᠢᠭᠠᠨ ᠰᠤᠷᠭᠠᠯᠳᠠ ᠶᠢᠨ ᠤᠶᠢᠯᠠᠭᠠᠬᠳᠠᠬᠤᠨ ᠪᠠ | ᠰᠤᠷᠭᠠᠨ ᠬᠦᠮᠦᠵᠢᠯ ᠤᠨ ᠠᠷᠭ᠎ᠠ ᠠᠪᠴᠠᠯ ᠢᠶᠠᠨ ᠬᠠᠷᠢᠯᠴᠠᠨ ᠰᠤᠯᠢᠯᠴᠠᠵᠠᠢ᠃ | ᠪᠡᠬᠡᠵᠢᠩ ᠤᠨ ᠴᠢᠶᠠᠨ ᠰᠢᠤᠸᠠᠢ ᠰᠧᠨ ᠲᠤᠮᠳᠠᠳᠤ ᠰᠤᠷᠭᠠᠭᠤᠯᠢ ᠶᠢᠨ ᠰᠤᠷᠭᠠᠨ ᠬᠦᠮᠦᠵᠢᠯ ᠤᠨ ᠪᠦᠯᠦᠭᠯᠡᠯ ᠤᠨ | ᠲᠤᠰᠬᠠᠢ ᠮᠡᠷᠬᠡᠵᠢᠯᠳᠡᠨ ᠤ ᠪᠦᠯᠬᠦᠮ ᠬᠢᠴᠢᠶᠠᠯ ᠤᠨ ᠰᠢᠰᠲ᠋ᠧᠮ ᠤᠨ ᠪᠠᠶᠢᠭᠤᠯᠤᠯᠳᠠ᠂ ᠺᠠᠳ᠋ᠷ ᠤᠨ ᠡᠩᠨᠡᠭᠡ ᠶᠢᠨ | ᠪᠠᠶᠢᠭᠤᠯᠤᠯᠳᠠ᠂ ᠬᠡᠷ ᠰᠤᠷᠭᠠᠭᠤᠯᠢ ᠨᠡᠶᠢᠬᠡᠮ ᠬᠠᠮᠵᠢᠯᠴᠠᠬᠤ ᠵᠡᠷᠭᠡ ᠲᠠᠯ᠎ᠠ ᠪᠠᠷ ᠰᠢᠷᠢᠰ ᠰᠠᠭᠤᠳᠠᠯ ᠤᠨ ᠬᠤᠷᠠᠯ | ᠬᠤᠷᠠᠯᠳᠤᠭᠤᠯᠵᠦ᠂ ᠵᠠᠯᠠᠶᠢᠳ ᠬᠤᠰᠢᠭᠤᠨ ᠤ ᠢᠨᠳᠡᠷ ᠲᠠᠬᠢ ᠭᠤᠷᠪᠠᠳᠤᠭᠠᠷ ᠲᠤᠮᠳᠠᠳᠤ ᠰᠤᠷᠭᠠᠭᠤᠯᠢ ᠲᠠᠢ | ᠬᠠᠪᠰᠦᠷᠦᠨ ᠲᠡᠳᠬᠦᠬᠦ ᠵᠦᠪᠯᠡᠯᠴᠡᠭᠡᠷ ᠲᠤᠬᠳᠠᠬᠰᠠᠨ ᠪᠦᠭᠡᠳ ᠪᠡᠬᠡᠵᠢᠩ ᠠᠴᠠ ᠰᠤᠩᠭᠤᠨ ᠲᠤᠮᠢᠯᠠᠬᠰᠠᠨ ᠪᠠᠭᠰᠢ ᠶᠢ | ᠲᠤᠬᠤᠨᠢᠭᠤᠯᠵᠠᠢ᠃ | ᠪᠡᠬᠡᠵᠢᠩ ᠤᠨ ᠴᠢᠶᠠᠨ ᠰᠢᠤᠸᠠᠢ ᠰᠧᠨ ᠲᠤᠮᠳᠠᠳᠤ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠸᠠᠩ | ᠯᠢᠩ᠄ ︽2022 ᠤᠨ ᠠᠴᠠ ᠡᠬᠢᠯᠡᠨ ᠲᠦᠪ ᠤᠨ ᠵᠤᠬᠢᠶᠠᠨ ᠪᠠᠶᠢᠭᠤᠯᠬᠤ ᠬᠡᠯᠳᠡᠰ᠂ ᠰᠤᠷᠭᠠᠨ ᠬᠦᠮᠦᠵᠢᠯ ᠤᠨ | ᠶᠠᠮᠦᠨ ᠤ ᠬᠠᠪᠰᠦᠷᠦᠨ ᠲᠡᠳᠬᠦᠬᠦ ᠪᠦᠯᠬᠦᠮ ᠦᠪᠦᠷ ᠮᠤᠩᠭᠤᠯ ᠳᠤ ᠬᠦᠨᠵᠡᠬᠡᠶᠢᠷᠡᠨ᠂ ᠬᠠᠮᠳᠤᠪᠡᠷ ᠰᠤᠷᠤᠬᠴᠢᠳ ᠢ | ᠲᠡᠳᠬᠦᠭᠰᠡᠨ ᠪᠦᠭᠡᠳ ᠭᠤᠷᠪᠠᠨ ᠵᠢᠯ ᠤᠨ ᠲᠤᠷᠰᠢ ᠨᠡᠯᠢᠶᠡᠳ ᠰᠠᠶᠢᠨ ᠬᠢᠷᠢ ᠪᠦᠳᠦᠮᠵᠢ ᠤᠯᠵᠠᠢ᠃ ᠪᠡᠬᠡᠵᠢᠩ ᠤᠨ | ᠡᠳᠡᠭᠡᠷ ᠪᠠᠭᠰᠢ᠂ ᠵᠠᠬᠢᠷᠦᠯ ᠦᠪᠡᠷ ᠤᠨ ᠠᠯᠢᠪᠠ ᠪᠠᠨ ᠵᠤᠷᠢᠭᠤᠯᠵᠦ ᠪᠠᠶᠢᠬᠤ ᠳᠤ ᠪᠢ ᠪᠠᠰᠠ ᠦᠪᠡᠷ ᠤᠨ | ᠬᠦᠴᠦ ᠪᠠᠷ ᠢᠶᠠᠨ ᠵᠠᠯᠠᠶᠢᠳ ᠬᠤᠰᠢᠭᠤᠨ ᠤ ᠰᠤᠷᠭᠠᠨ ᠬᠦᠮᠦᠵᠢᠯ ᠤᠨ ᠬᠦᠭᠵᠢᠯᠳᠡ ᠳᠤ ᠬᠦᠴᠦᠨ ᠨᠡᠮᠡᠷᠢᠯᠡᠨ᠎ᠡ︕︾ | ᠬᠡᠵᠦ ᠶᠠᠷᠢᠵᠦ ᠪᠠᠶᠢᠯ᠎ᠠ᠃ | ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠭᠤᠯᠤᠨ ᠬᠤᠶᠠᠷ ᠰᠤᠷᠭᠠᠭᠤᠯᠢ ᠶᠢᠨ ᠬᠤᠭᠤᠷᠤᠨᠳᠤᠬᠢ | ᠬᠠᠮᠵᠢᠯᠴᠠᠭ᠎ᠠ ᠶᠢ ᠴᠢᠩᠭᠠᠳᠬᠠᠨ᠂ ᠰᠤᠷᠭᠠᠨ ᠬᠦᠮᠦᠵᠢᠯ ᠤᠨ ᠡᠬᠢ ᠪᠠᠶᠠᠯᠢᠭ ᠢ ᠬᠠᠮᠳᠤᠪᠡᠷ ᠡᠳ᠋ᠯᠡᠵᠦ᠂ ᠪᠠᠭᠰᠢ ᠶᠢᠨ | ᠡᠩᠨᠡᠭᠡ ᠶᠢᠨ ᠪᠠᠶᠢᠭᠤᠯᠤᠯᠳᠠ ᠵᠢᠴᠢ ᠬᠢᠴᠢᠶᠠᠯ ᠤᠨ ᠪᠠᠶᠢᠭᠤᠯᠤᠯᠳᠠ ᠶᠢᠨ ᠬᠢᠷᠢ ᠲᠦᠪᠰᠢᠨ ᠢ ᠪᠦᠳᠦᠮᠵᠢᠳᠡᠢ | ᠲᠡᠭᠡᠭᠰᠢᠯᠡᠬᠦᠯᠵᠡᠢ᠃ | 2022 ᠤᠨ ᠤ 7 ᠰᠠᠷ᠎ᠠ ᠳᠤ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠦᠷᠦᠨ ᠲᠡᠳᠬᠦᠬᠦ ᠠᠵᠢᠯ ᠢ | ᠡᠬᠢᠯᠡᠬᠦᠯᠦᠭᠰᠡᠨ ᠠᠴᠠ ᠨᠠᠭᠠᠰᠢ᠂ ᠵᠠᠯᠠᠶᠢᠳ ᠬᠤᠰᠢᠭᠤᠨ ᠤ ᠰᠤᠷᠭᠠᠨ ᠬᠦᠮᠦᠵᠢᠯ ᠤᠨ ᠦᠢᠯᠡᠰ ᠤᠨ | ᠬᠠᠮᠢᠶᠠᠷᠦᠯᠳᠠ ᠶᠢᠨ ᠰᠢᠨ᠎ᠠ ᠶᠢ ᠡᠬᠦᠳᠬᠦ᠂ ᠬᠢᠴᠢᠶᠡᠯ ᠤᠨ ᠪᠠᠶᠢᠭᠤᠯᠤᠯᠳᠠ᠂ ᠵᠢᠭᠠᠨ ᠰᠤᠳᠤᠯᠬᠤ ᠲᠠᠯ᠎ᠠ ᠪᠠᠷ ᠬᠢ | ᠬᠢᠯᠠᠯᠵᠠᠮ᠎ᠠ ᠠᠮᠵᠢᠯᠳᠠ ᠳᠤ ᠪᠦᠷ ᠬᠠᠪᠰᠦᠷᠦᠨ ᠲᠡᠳᠬᠦᠬᠦ ᠪᠦᠯᠬᠦᠮ ᠤᠨ ᠤᠶᠤᠨ ᠤᠬᠠᠭᠠᠨ ᠪᠤᠯᠤᠨ ᠬᠦᠴᠦ ᠬᠦᠯᠦᠰᠦ | ᠰᠢᠩᠭᠡᠵᠦ ᠪᠠᠶᠢᠳᠠᠭ᠃ ᠨᠡᠶᠢᠰᠯᠡᠯ ᠬᠤᠳᠠ ᠶᠢᠨ ᠲᠡᠷᠢᠬᠦᠨ ᠤ ᠰᠤᠷᠭᠠᠨ ᠬᠦᠮᠦᠵᠢᠯ ᠤᠨ ᠤᠶᠢᠯᠠᠭᠠᠬᠳᠠᠬᠤᠨ ᠪᠠ ᠡᠬᠢ | ᠪᠠᠶᠠᠯᠢᠭ ᠢ ᠲᠠᠯ᠎ᠠ ᠨᠤᠳᠤᠭ ᠤᠨ ᠬᠢᠴᠢᠶᠡᠯ ᠤᠨ ᠲᠠᠩᠬᠢᠮ ᠳᠤ ᠤᠷᠤᠭᠤᠯᠵᠦ᠂ ᠵᠠᠯᠠᠶᠢᠳ ᠬᠤᠰᠢᠭᠤᠨ ᠤ ᠰᠤᠷᠭᠠᠨ | ᠬᠦᠮᠦᠵᠢᠯ ᠤᠨ ᠦᠢᠯᠡᠰ ᠤᠨ ᠬᠦᠭᠵᠢᠯᠳᠡ ᠶᠢᠨ ᠰᠢᠨ᠎ᠠ ᠠᠷᠭ᠎ᠠ ᠵᠠᠮ ᠢ ᠰᠦᠪᠡᠭᠴᠢᠯᠡᠵᠦ ᠦᠭᠴᠦ ᠪᠤᠢ᠃ | ᠵᠸᠤ ᠶᠠᠨ ᠢᠤᠢ ᠸᠧᠢ ᠸᠧᠢ ᠮᠡᠳᠡᠬᠡᠯᠡᠪᠡ |